ᠣᠶᠢᠷ᠎ᠠ ᠳᠤ᠂ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠮᠠᠰᠢᠨ | ᠲᠡᠷᠭᠡᠨ ᠤ ᠠᠷᠠᠯᠵᠢᠶᠠᠨ ᠤ ᠨᠡᠶᠢᠭᠡᠮᠯᠢᠭ ᠵᠢᠩᠬᠢᠨᠢ ᠪᠠᠷ ᠪᠠᠶᠢᠭᠤᠯᠤᠭᠳᠠᠵᠤ᠂ ᠪᠥᠬᠦ ᠣᠷᠣᠨ ᠤ ᠮᠠᠰᠢᠨ ᠲᠡᠷᠭᠡᠨ ᠤ 52 | ᠠᠵᠤ ᠠᠬᠤᠶᠢᠯᠠᠯ ᠤᠨ ᠭᠡᠰᠢᠭᠦᠳ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠭᠡᠰᠢᠭᠦᠳ ᠤᠨ ᠶᠡᠭᠡ ᠬᠤᠷᠠᠯ ᠳᠤ | ᠣᠷᠣᠯᠴᠠᠪᠠ᠃ ᠶᠡᠭᠡ ᠬᠤᠷᠠᠯ ᠠᠴᠠ ︽ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠮᠠᠰᠢᠨ ᠲᠡᠷᠭᠡᠨ ᠤ ᠠᠷᠠᠯᠵᠢᠶᠠᠨ ᠤ ᠨᠡᠶᠢᠭᠡᠮᠯᠢᠭ ᠤᠨ ᠲᠦᠷᠢᠮ︾ ᠢ ᠬᠢᠨᠠᠨ ᠵᠦᠪᠯᠡᠨ ᠪᠠᠲᠤᠯᠠᠵᠤ᠂ | ᠠᠩᠬᠠᠳᠤᠭᠠᠷ ᠬᠤᠭᠤᠴᠠᠭᠠᠨ ᠤ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠮᠠᠰᠢᠨ ᠲᠡᠷᠭᠡᠨ ᠤ | ᠠᠷᠠᠯᠵᠢᠶᠠᠨ ᠤ ᠨᠡᠶᠢᠭᠡᠮᠯᠢᠭ ᠤᠨ ᠳᠠᠷᠤᠭ᠎ᠠ᠂ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ᠂ ᠬᠢᠨᠠᠯᠲᠠ ᠲᠠᠯᠪᠢᠭᠴᠢ | ᠪᠠ ᠬᠡᠷᠡᠭ ᠡᠷᠬᠢᠯᠡᠭᠴᠢ ᠶᠢᠨ ᠨᠢᠭᠡᠴᠢ ᠶᠢ ᠰᠣᠩᠭᠤᠨ ᠭᠠᠷᠭᠠᠪᠠ᠃ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠲᠤᠬᠠᠶᠢᠯᠠᠭᠰᠠᠨ ᠠᠵᠢᠯ ᠤᠨ ᠵᠢᠯᠣᠭᠤᠳᠬᠤ ᠨᠢᠭᠡᠴᠢ ᠪᠣᠯᠤᠭᠰᠠᠨ ᠤ ᠬᠤᠪᠢ ᠳᠤ᠂ | ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠮᠠᠰᠢᠨ ᠲᠡᠷᠭᠡᠨ ᠤ ᠠᠵᠢᠯ ᠲᠥᠷᠥᠯ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠪᠠᠷ ᠣᠷᠳᠣ ᠬᠤᠭᠤᠴᠠᠭ᠎ᠠ ᠪᠠᠷ ᠬᠦᠴᠦᠯᠡᠨ ᠴᠢᠷᠮᠠᠶᠢᠵᠤ᠂ ᠨᠡᠶᠢᠭᠡᠮᠯᠢᠭ | ᠪᠠᠶᠢᠭᠤᠯᠤᠭᠳᠠᠭᠰᠠᠨ ᠤ ᠳᠠᠷᠠᠭ᠎ᠠ᠂ ᠨᠡᠶᠢᠭᠡᠮᠯᠢᠭ ᠲᠤ ᠤᠯᠠᠮ ᠨᠢᠭᠡ ᠠᠯᠬᠤᠮ ᠲᠥᠷᠥ ᠶᠢᠨ ᠪᠣᠳᠣᠯᠭ᠎ᠠ ᠶᠢᠨ | ᠵᠢᠯᠣᠭᠤᠳᠣᠯᠭ᠎ᠠ᠂ ᠵᠠᠬ᠎ᠠ ᠳᠡᠯᠭᠡᠭᠦᠷ ᠤᠨ ᠵᠠᠳᠠᠯᠤᠯᠲᠠ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠵᠡᠷᠭᠡ | ᠦᠢᠯᠡᠴᠢᠯᠡᠭᠡ ᠬᠠᠩᠭᠠᠵᠤ᠂ ᠪᠦᠷᠢᠯᠳᠦᠬᠦᠨ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠤᠨ ᠬᠥᠳᠡᠯᠦᠩᠭᠦᠶ | ᠪᠠᠶᠢᠳᠠᠯ ᠢ ᠴᠠᠭ ᠲᠤᠬᠠᠶ ᠳᠤᠨᠢ ᠡᠵᠡᠮᠳᠡᠵᠦ᠂ ᠡᠵᠡᠩᠨᠡᠨ ᠪᠣᠷᠣᠯᠠᠭᠤᠯᠬᠤ ᠠᠷᠭ᠎ᠠ ᠪᠣᠳᠣᠯᠭ᠎ᠠ ᠳᠤ ᠲᠣᠬᠢᠷᠠᠭᠤᠯᠤᠯᠲᠠ | ᠬᠢᠵᠦ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠪᠦᠷᠢᠯᠳᠦᠬᠦᠨ ᠠᠵᠤ | ᠠᠬᠤᠶᠢᠯᠠᠯ ᠤᠨ ᠨᠠᠩ ᠨᠢᠭᠲᠠ᠂ ᠥᠨᠳᠥᠷ ᠪᠦᠲᠦᠮᠵᠢᠲᠡᠶ᠂ ᠳᠥᠭᠦᠮ ᠳᠥᠲᠡ ᠨᠥᠬᠦᠴᠡᠯ ᠳᠣᠤᠷ᠎ᠠ ᠬᠠᠮᠲᠤᠷᠠᠯᠴᠠᠭ᠎ᠠ | ᠥᠷᠨᠢᠭᠦᠯᠬᠦ ᠶᠢ ᠠᠬᠢᠭᠤᠯᠵᠤ᠂ ᠨᠡᠶᠢᠭᠡᠮᠯᠢᠭ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠪᠠ | ᠨᠥᠬᠦᠴᠡᠯ ᠢ ᠪᠣᠶ ᠪᠣᠯᠭᠠᠵᠤ᠂ ᠮᠠᠰᠢᠨ ᠲᠡᠷᠭᠡᠨ ᠤ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠦᠷᠭᠦᠯᠵᠢᠯᠡᠨ | ᠬᠥᠭᠵᠢᠭᠡᠬᠦ ᠶᠢᠨ ᠬᠠᠮᠲᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮᠯᠢᠭ ᠤᠨ | ᠲᠣᠰ ᠪᠡᠶ᠎ᠡ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠬᠤ ᠶᠢ ᠬᠥᠲᠥᠯᠦᠨ ᠵᠢᠯᠣᠭᠤᠳᠴᠤ᠂ | ᠳᠣᠲᠣᠭᠠᠳᠤ ᠶᠢᠨ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠷᠠᠭᠤᠯᠤᠨ᠂ ᠬᠤᠪᠣᠷ ᠰᠢᠷᠣᠶ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠮᠠᠰᠢᠨ ᠲᠡᠷᠭᠡᠨ ᠤ ᠬᠡᠷᠡᠭᠯᠡᠭᠡᠨ ᠤ ᠬᠦᠷᠢᠶᠡᠨ ᠳᠠᠬᠢ ᠦᠢᠯᠡᠴᠢᠯᠡᠭᠡᠨ ᠤ ᠰᠢᠨ᠎ᠡ ᠶᠢ ᠡᠭᠦᠳᠬᠦ | ᠪᠠ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠤᠨ᠎ᠠ᠃ | ᠨᠡᠶᠢᠭᠡᠮᠯᠢᠭ ᠤᠨ ᠬᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ | ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠨᠢᠭᠲᠠ ᠪᠠᠲᠤᠯᠠᠵᠤ᠂ | ᠭᠡᠰᠢᠭᠦᠳ ᠲᠤ ᠨᠡᠩ ᠤᠯᠠᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠣᠯᠵᠤ᠂ ᠨᠡᠶᠢᠭᠡᠮᠯᠢᠭ ᠤᠨ ᠡᠭᠦᠷᠭᠡ | ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠠᠵᠢᠯ ᠲᠦᠷᠦᠯ ᠤᠨ ᠶᠠᠷᠢᠶᠠᠨ ᠤ | ᠲᠠᠪᠴᠠᠩ᠂ ᠮᠠᠰᠢᠨ ᠲᠡᠷᠭᠡᠨ ᠤ ᠦᠵᠡᠰᠭᠦᠯᠡᠩ ᠪᠣᠯᠤᠨ ᠰᠢᠨᠵᠢᠯᠡᠨ ᠪᠠᠶᠢᠴᠠᠭᠠᠵᠤ ᠰᠣᠯᠢᠯᠴᠠᠬᠤ ᠵᠡᠷᠭᠡ ᠠᠵᠢᠯᠯᠠᠭ᠎ᠠ ᠶᠢ | ᠡᠷᠬᠢᠯᠡᠵᠦ᠂ ᠭᠡᠰᠢᠭᠦᠨ ᠨᠢᠭᠡᠪᠦᠷᠢ ᠶᠢ ᠪᠦᠯᠬᠦᠮᠳᠡᠭᠦᠯᠦᠨ ᠳᠠᠭᠠᠭᠤᠯᠵᠤ ᠠᠵᠢᠯ ᠲᠦᠷᠦᠯ ᠤᠨ ᠠᠶᠤᠯ ᠲᠦᠭᠰᠢᠭᠦᠷᠢ ᠶᠢᠨ | ᠥᠷᠢᠰᠥᠯᠳᠦᠭᠡᠨ ᠢ ᠠᠷᠭᠠᠴᠠᠭᠠᠵᠤ᠂ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠡᠵᠡᠮᠳᠡᠵᠦ᠂ ᠮᠠᠰᠢᠨ ᠲᠡᠷᠭᠡᠨ ᠤ | ᠬᠡᠷᠡᠭᠯᠡᠭᠡᠨ ᠤ ᠨᠡᠮᠡᠭᠳᠡᠯ ᠤᠨ ᠬᠠᠨᠳᠤᠰᠢ ᠶᠢ ᠪᠠᠲᠤᠯᠠᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠮᠠᠰᠢᠨ ᠲᠡᠷᠭᠡᠨ ᠤ ᠬᠡᠷᠡᠭᠯᠡᠭᠡᠨ ᠤ ︽ᠰᠣᠷᠢᠨᠵᠢᠨ ᠬᠦᠴᠦᠨ︾ ᠢ ᠪᠤᠢ ᠪᠣᠯᠭᠠᠬᠤ ᠳᠤ ᠬᠦᠴᠦᠨ ᠨᠡᠮᠡᠷᠢᠯᠡᠨ᠎ᠡ | ᠃ | | | | | | |