ᠤᠯᠤᠰ ᠤᠨ ᠳᠣᠲᠣᠭᠠᠳᠤ ᠶᠢᠨ ᠠᠩᠬᠠᠳᠠᠭᠴᠢ ᠢᠵᠢ ︽ᠬᠤᠪᠣᠷ ᠰᠢᠷᠣᠢ ᠶᠢᠨ ᠰᠣᠷᠢᠨᠵᠢᠨ ᠬᠦᠴᠦᠨ ᠤ ᠬᠡᠯᠪᠡᠷᠢ ᠶᠢᠨ ᠳᠠᠪᠠᠮᠠᠯ ᠵᠠᠭᠤᠷᠠᠪᠴᠢ︾ ᠶᠡᠭᠡ ᠬᠡᠪᠴᠢᠶ᠎ᠡ ᠪᠠᠷ ᠠᠰᠢᠭᠯᠠᠯᠲᠠ ᠳᠤ ᠣᠷᠣᠭᠤᠯᠪᠠ
ᠨᠡᠶᠢᠲᠡᠯᠡᠭᠰᠡᠨ ᠴᠠᠭ᠄
2025/3/26
     ᠬᠤᠪᠣᠷ ᠰᠢᠷᠣᠢ ᠶᠢᠨ ᠰᠣᠷᠢᠨᠵᠢᠨ ᠬᠦᠴᠦᠨ ᠤ ᠬᠡᠯᠪᠡᠷᠢ ᠶᠢᠨ ᠳᠠᠪᠠᠮᠠᠯ ᠵᠠᠭᠤᠷᠠᠪᠴᠢ      ᠣᠶᠢᠷ᠎ᠠ ᠳᠤ᠂ ᠪᠤᠭᠤᠲᠤ ᠬᠤᠲᠠ ᠶᠢᠨ ᠯᠠᠨ ᠭᠤᠸᠠᠩ ᠠᠷᠠᠭᠠᠲᠤ ᠬᠦᠷᠳᠦᠨ ᠤ ᠬᠢᠵᠠᠭᠠᠷᠲᠤ ᠺᠣᠮᠫᠠᠨᠢ ᠶᠢᠨ ︽ᠬᠤᠪᠣᠷ ᠰᠢᠷᠣᠢ ᠶᠢᠨ ᠰᠣᠷᠢᠨᠵᠢᠨ ᠬᠦᠴᠦᠨ ᠤ ᠬᠡᠯᠪᠡᠷᠢ ᠶᠢᠨ ᠳᠠᠪᠠᠮᠠᠯ ᠵᠠᠭᠤᠷᠠᠪᠴᠢ ᠶᠢᠨ ᠠᠩᠬᠠᠨ ᠤ ᠢᠵᠢ ᠠᠵᠤ  ᠦᠢᠯᠡᠰᠵᠢᠯᠳᠡ ᠶᠢᠨ ᠲᠥᠷᠥᠯ ᠵᠦᠢᠯ︾  ᠢ ᠶᠡᠭᠡ ᠬᠡᠪᠴᠢᠶ᠎ᠡ ᠪᠠᠷ ᠠᠰᠢᠭᠯᠠᠯᠲᠠ ᠳᠤ ᠣᠷᠣᠭᠤᠯᠪᠠ᠃ ᠠᠵᠢᠯ ᠲᠦᠷᠦᠯ ᠤᠨ ᠳᠣᠲᠣᠷ᠎ᠠ᠂ ᠲᠤᠰ ᠲᠦᠷᠦᠯ ᠵᠦᠢᠯ ᠨᠢ ᠠᠩᠬ᠎ᠠ ᠤᠳᠠᠭ᠎ᠠ ᠬᠤᠪᠣᠷ ᠰᠢᠷᠣᠢ ᠶᠢᠨ ᠰᠣᠷᠢᠨᠵᠢᠨ ᠴᠢᠨᠠᠷᠲᠠᠢ ᠮᠠᠲ᠋ᠧᠷᠢᠶᠠᠯ ᠢ ᠠᠴᠢᠶᠠᠯᠠᠬᠤ ᠮᠠᠰᠢᠨ ᠤ ᠬᠡᠳᠤ ᠵᠠᠭᠤᠷᠠᠪᠴᠢ ᠳᠤ ᠬᠡᠷᠡᠭᠯᠡᠪᠡ᠂ ᠲᠡᠭᠦᠨ ᠤ ᠲᠡᠷᠢᠭᠦᠨ ᠤ ᠪᠦᠲᠦᠴᠡ ᠶᠢᠨ ᠵᠢᠷᠤᠭ ᠲᠥᠯᠥᠪᠯᠡᠭᠡ ᠨᠢ ᠤᠯᠤᠰ ᠤᠨ ᠳᠣᠲᠣᠭᠠᠳᠤ ᠶᠢᠨ ᠠᠴᠢᠶᠠᠯᠠᠬᠤ ᠮᠠᠰᠢᠨ ᠤ ᠭᠠᠷᠠᠭ ᠤᠳᠤᠨ ᠤ ᠬᠤᠷᠳᠤᠴᠠ ᠥᠭᠡᠷᠡᠴᠢᠯᠡᠬᠦ ᠬᠠᠶᠢᠷᠴᠠᠭ ᠲᠠᠬᠢ ᠬᠡᠳᠤ ᠵᠠᠭᠤᠷᠠᠪᠴᠢ ᠶᠢᠨ ᠬᠡᠷᠡᠭᠯᠡᠭᠡᠨ ᠤ ᠠᠮᠢ ᠨᠠᠰᠤ ᠶᠢ ᠳᠤᠮᠳᠠᠴᠢ ᠪᠠᠷ 2000 ᠴᠠᠭ ᠠᠴᠠ ᠳᠡᠭᠡᠭᠰᠢ ᠳᠡᠭᠡᠭᠰᠢᠯᠡᠭᠦᠯᠵᠦ᠂ ᠦᠢᠯᠡᠳᠬᠦᠨ ᠤ ᠥᠪᠡᠷ ᠤᠨ ᠦᠷᠳᠡᠭ ᠢᠶᠠᠷ ᠳᠣᠣᠷ᠎ᠠ᠂ ᠥᠨᠳᠥᠷ ᠬᠡᠷᠡᠭᠯᠡᠭᠡᠨ ᠤ ᠠᠮᠢ ᠨᠠᠰᠤᠨ ᠤ ᠳᠠᠪᠠᠭᠤᠯᠢᠭ ᠢ ᠭᠠᠳᠠᠭᠠᠳᠤ ᠠᠴᠠ ᠣᠷᠣᠭᠤᠯᠬᠤ ᠲᠣᠭᠲᠠᠮᠠᠯ ᠲᠡᠩᠭᠡᠯᠢᠭᠲᠦ ᠬᠤᠷᠳᠤᠴᠠ ᠥᠭᠡᠷᠡᠴᠢᠯᠡᠬᠦ ᠬᠠᠶᠢᠷᠴᠠᠭ ᠤᠨ ᠤᠷᠳᠤ ᠬᠤᠭᠤᠴᠠᠭ᠎ᠠ ᠪᠠᠷ ᠭᠠᠭᠴᠠᠭᠠᠷ ᠡᠵᠡᠮᠰᠢᠬᠦ ᠪᠠᠶᠢᠳᠠᠯ ᠢ ᠡᠪᠳᠡᠭᠰᠡᠨ ᠪᠠᠶᠢᠨ᠎ᠠ᠃
    ᠬᠤᠪᠣᠷ ᠰᠢᠷᠣᠢ ᠶᠢᠨ ᠰᠣᠷᠢᠨᠵᠢᠨ ᠬᠦᠴᠦᠨ ᠤ ᠬᠡᠯᠪᠡᠷᠢ ᠶᠢᠨ ᠳᠠᠪᠠᠮᠠᠯ ᠵᠠᠭᠤᠷᠠᠪᠴᠢ ᠶᠢ ᠰᠤᠳᠤᠯᠤᠨ ᠨᠡᠭᠡᠭᠡᠬᠦ ᠪᠠ ᠵᠠᠬ᠎ᠠ ᠳᠡᠯᠭᠡᠭᠦᠷ ᠤᠨ ᠳᠡᠯᠭᠡᠷᠡᠭᠦᠯᠦᠯᠲᠡ ᠨᠢ ᠬᠤᠪᠣᠷ ᠰᠢᠷᠣᠢ ᠶᠢᠨ ᠰᠣᠷᠢᠨᠵᠢᠨ ᠴᠢᠨᠠᠷᠲᠠᠢ ᠮᠠᠲ᠋ᠧᠷᠢᠶᠠᠯ ᠢ ᠬᠡᠪᠴᠢᠶᠡᠵᠢᠭᠦᠯᠦᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠠᠵᠢᠯ ᠲᠥᠷᠥᠯ ᠤᠨ ᠦᠢᠯᠡᠳᠬᠦᠨ ᠤ ᠲᠠᠰ ᠳᠠᠪᠰᠢᠵᠤ ᠦᠶ᠎ᠡ ᠰᠣᠯᠢᠬᠤ ᠶᠢ ᠳᠠᠶᠢᠴᠢᠯᠠᠭᠰᠠᠨ ᠢᠶᠠᠷ ᠪᠠᠷᠠᠬᠤ ᠦᠭᠡᠢ᠂ ᠪᠠᠰᠠ ᠤᠯᠤᠰ ᠤᠨ ᠳᠣᠲᠣᠭᠠᠳᠤ ᠶᠢᠨ ᠡᠯ᠎ᠡ ᠲᠣᠮᠣ ᠢᠨᠵᠧᠨᠧᠷᠢᠩ ᠤᠨ ᠮᠧᠬᠠᠨᠢᠭ ᠤᠨ ᠦᠢᠯᠡᠳᠪᠦᠷᠢ ᠶᠢᠨ ᠪᠦᠬᠦᠯᠢ ᠮᠠᠰᠢᠨ ᠤ ᠬᠤᠷᠳᠤᠴᠠ ᠥᠭᠡᠷᠡᠴᠢᠯᠡᠬᠦ ᠬᠠᠶᠢᠷᠴᠠᠭ ᠢ ᠠᠩᠬ᠎ᠠ ᠤᠳᠠᠭ᠎ᠠ ᠨᠡᠭᠡᠭᠡᠵᠦ ᠰᠡᠯᠪᠢᠨ ᠵᠠᠰᠠᠬᠤ ᠬᠤᠭᠤᠴᠠᠭ᠎ᠠ ᠶᠢ GPS3000 ᠴᠠᠭ   ᠠᠴᠠ ᠳᠡᠭᠡᠭᠰᠢᠯᠡᠭᠦᠯᠦᠭᠡᠳ GPS5000 ᠴᠠᠭ   ᠠᠴᠠ ᠳᠠᠪᠠᠭᠤᠯᠤᠭᠰᠠᠨ ᠪᠠᠶᠢᠨ᠎ᠠ᠃ ᠣᠳᠣᠬᠠᠨ ᠳᠤ᠂ ᠯᠠᠨ ᠭᠤᠸᠠᠠᠩ ᠠᠷᠠᠭᠠᠲᠤ ᠬᠦᠷᠳᠦ ᠶᠢ ᠰᠦᠯᠵᠢᠶᠡᠨ ᠠᠴᠠ ᠪᠠᠭᠤᠯᠭᠠᠭᠰᠠᠨ 4800 ᠭᠠᠷᠤᠢ ᠰᠠᠤᠷᠢ ᠬᠤᠪᠣᠷ ᠰᠢᠷᠣᠢ ᠶᠢᠨ ᠰᠣᠷᠢᠨᠵᠢᠨ ᠬᠦᠴᠦᠨ ᠤ ᠬᠡᠯᠪᠡᠷᠢ ᠶᠢᠨ ᠳᠠᠪᠠᠮᠠᠯ ᠵᠠᠭᠤᠷᠠᠪᠴᠢ ᠶᠢ ᠨᠢᠭᠡᠨᠲᠡ ᠱᠠᠨᠳᠦ᠋ᠩ ᠤᠨ ᠯᠢᠨ ᠬᠥᠩ᠂ ᠰᠢᠦᠢ ᠬᠥᠩ ᠪᠦᠯᠦᠭᠯᠡᠯ ᠂ ᠭᠤᠷᠪᠠᠨ ᠰᠠᠷ᠎ᠠ ᠶᠢᠨ ᠨᠢᠭᠡᠨ ᠤ ᠬᠦᠨᠳᠦ ᠠᠵᠤ ᠦᠢᠯᠡᠳᠪᠦᠷᠢ ᠵᠡᠷᠭᠡ ᠤᠯᠤᠰ ᠤᠨ ᠳᠣᠲᠣᠭᠠᠳᠤ ᠶᠢᠨ ᠲᠣᠮᠣ ᠬᠡᠯᠪᠡᠷᠢ ᠶᠢᠨ ᠭᠤᠣᠯ ᠮᠠᠰᠢᠨ ᠤ ᠦᠢᠯᠡᠳᠪᠦᠷᠢ ᠳᠤ ᠥᠷᠭᠡᠨ ᠢᠶᠠᠷ ᠳᠡᠯᠭᠡᠷᠡᠭᠦᠯᠦᠨ ᠬᠡᠷᠡᠭᠯᠡᠵᠦ᠂ ᠲᠠᠷᠠᠭᠠᠴᠢ ᠶᠢᠨ ᠦᠢᠯᠡᠳᠬᠦᠨ ᠢ ᠮᠥᠨ ᠬᠦ ᠦᠢᠯᠡᠳᠪᠦᠷᠢᠯᠡᠯ ᠳᠤ ᠵᠠᠪᠳᠤᠵᠤ ᠪᠣᠶ᠃
   ᠪᠤᠭᠤᠲᠤ ᠬᠤᠲᠠ ᠶᠢᠨ ᠯᠠᠨ ᠭᠤᠸᠠᠩ ᠠᠷᠠᠭᠠᠲᠤ ᠬᠦᠷᠳᠦᠨ ᠤ ᠬᠢᠵᠠᠭᠠᠷᠲᠤ ᠺᠣᠮᠫᠠᠨᠢ 2003 ᠣᠨ ᠳᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠳᠠᠩᠰᠠᠯᠠᠭᠤᠯᠤᠨ ᠪᠠᠶᠢᠭᠤᠯᠤᠭᠳᠠᠵᠤ᠂ ᠪᠠᠷᠢᠯᠭ᠎ᠠ ᠶᠢᠨ ᠮᠠᠰᠢᠨ ᠮᠧᠬᠠᠨᠢᠭ ᠤᠨ ᠠᠷᠠᠭᠠᠲᠤ ᠬᠦᠷᠳᠦᠨ ᠤ ᠬᠤᠷᠳᠤᠴᠠ ᠥᠭᠡᠷᠡᠴᠢᠯᠡᠬᠦ ᠬᠠᠶᠢᠷᠴᠠᠭ ᠤᠨ ᠬᠦᠷᠢᠶᠡᠨ ᠳᠠᠬᠢ ᠰᠤᠳᠤᠯᠤᠨ ᠨᠡᠭᠡᠭᠡᠬᠦ᠂ ᠵᠢᠷᠤᠵᠤ ᠲᠥᠯᠥᠪᠯᠡᠬᠦ᠂ ᠦᠢᠯᠡᠳᠪᠦᠷᠢᠯᠡᠬᠦ᠂ ᠦᠢᠯᠡᠴᠢᠯᠡᠬᠦ ᠶᠢ ᠨᠢᠭᠡ ᠴᠣᠭᠴᠠᠵᠢᠭᠤᠯᠤᠭᠰᠠᠨ ᠲᠤᠰᠬᠠᠢ ᠦᠢᠯᠡᠳᠪᠦᠷᠢᠯᠡᠯ ᠤᠨ ᠠᠵᠤ ᠠᠬᠤᠶᠢᠯᠠᠯ ᠪᠣᠯᠣᠨ᠎ᠠ᠃ ᠤᠷᠢᠳ ᠬᠤᠵᠢᠳ ︽ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ︾ ︽ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠰᠢᠨ᠎ᠡ ᠶᠢ ᠡᠭᠦᠳᠬᠦ ᠠᠵᠤ ᠠᠬᠤᠶᠢᠯᠠᠯ︾ ︽ᠤᠯᠤᠰ ᠤᠨ ᠲᠠᠰ ᠤᠨ ᠳᠤᠮᠳᠠ ᠪᠠᠭ᠎ᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠩᠨᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠭᠠᠲᠤ ᠬᠦᠷᠳᠦᠨ ᠤ ᠬᠤᠷᠳᠤᠴᠠ ᠥᠭᠡᠷᠡᠴᠢᠯᠡᠬᠦ ᠬᠠᠶᠢᠷᠴᠠᠭ ᠤᠨ ᠰᠤᠳᠤᠯᠤᠨ ᠨᠡᠭᠡᠭᠡᠬᠦ ᠲᠥᠪ︾ ᠵᠡᠷᠭᠡ ᠢᠷᠠᠭᠤ ᠠᠯᠳᠠᠷ ᠤᠨ ᠴᠣᠯᠠ ᠶᠢ ᠭᠥᠷᠳᠡᠵᠦ᠂ 26 ᠵᠦᠢᠯ ᠤᠨ ᠲᠤᠰᠬᠠᠢ ᠠᠰᠢᠭ ᠤᠨ ᠡᠷᠬᠡ ᠲᠠᠢ ᠪᠠᠶᠢᠵᠤ᠂ ᠨᠢᠭᠡᠨᠲᠡ ᠤᠯᠤᠰ ᠤᠨ ᠳᠣᠲᠣᠭᠠᠳᠤ ᠶᠢᠨ 300 ᠭᠠᠷᠤᠢ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠲᠠᠢ ᠰᠠᠶᠢᠨ ᠰᠠᠶᠢᠬᠠᠨ ᠬᠠᠩᠭᠠᠯᠭ᠎ᠠ ᠬᠡᠷᠡᠭᠴᠡᠭᠡᠨ ᠤ ᠬᠠᠨᠢᠲᠠᠨ ᠤ ᠬᠠᠷᠢᠴᠠᠭ᠎ᠠ ᠪᠠᠶᠢᠭᠤᠯᠤᠭᠰᠠᠨ ᠪᠠᠶᠢᠨ᠎ᠠ᠃ ᠭᠤᠣᠯ ᠪᠣᠯᠬᠤ ᠦᠢᠯᠡᠳᠬᠦᠨ ᠤ ᠠᠴᠢᠶᠠᠯᠠᠬᠤ ᠮᠠᠰᠢᠨ ᠨᠢ ᠵᠠᠭᠤᠷᠠᠪᠴᠢ ᠶᠢᠨ ᠪᠣᠷᠤᠯᠠᠭᠤᠯᠭ᠎ᠠ ᠶᠢᠨ ᠬᠡᠮᠵᠢᠶ᠎ᠡ ᠠᠴᠠ ᠤᠯᠠᠨ ᠵᠢᠯ ᠳᠠᠷᠠᠭᠠᠯᠠᠨ ᠪᠦᠬᠦ ᠤᠯᠤᠰ ᠲᠤ ᠲᠡᠷᠢᠭᠦᠯᠡᠵᠦ᠂ ᠵᠠᠬ᠎ᠠ ᠳᠡᠯᠭᠡᠭᠦᠷ ᠤᠨ ᠡᠵᠡᠯᠡᠬᠦ ᠨᠤᠷᠮ᠎ᠠ ᠨᠢ 70% ᠠᠴᠠ ᠳᠡᠭᠡᠭᠰᠢ ᠳᠤ ᠬᠦᠷᠴᠡᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号