ᠠᠵᠢᠯᠯᠠᠭᠠᠨ ᠤ ᠡᠷᠢᠨ ⒄  ᠢ ᠮᠧᠶ ᠰᠢᠨ ᠯᠢ ᠺᠣᠮᠫᠠᠨᠢ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠶᠡᠷᠦᠩᠬᠡᠶᠢᠯᠡᠭᠰᠡᠨ ᠪᠡᠶᠡᠴᠢᠯᠡᠨ ᠣᠶᠢᠯᠠᠭᠠᠬᠤ ᠲᠥᠷᠥᠯ ᠵᠦᠢᠯ ᠣᠶᠢᠷ᠎ᠠ ᠳᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2025/3/26
   ᠴᠣᠬᠤᠯᠠᠪᠤᠷᠢ᠄ 2 ᠰᠠᠷ᠎ᠠ ᠶᠢᠨ 11 ᠤ ᠡᠳᠦᠷ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠨ ᠠᠬᠢᠭᠤᠯᠬᠤ ᠬᠤᠷᠠᠯ ᠬᠤᠷᠠᠯᠳᠤᠭᠰᠠᠨ ᠤ ᠳᠠᠷᠠᠭ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠵᠠᠷᠯᠢᠭ ᠰᠣᠨᠣᠰᠤᠭᠰᠠᠭᠠᠷ ᠬᠥᠳᠡᠯᠦᠯᠴᠡᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠂ ︽ᠡᠬᠢᠯᠡᠯᠲᠡ ᠶᠢᠨ ᠬᠤᠷᠳᠤᠴᠠ ᠪᠠᠨ ᠲᠦᠷᠭᠡᠳᠬᠡᠵᠦ᠂ ᠡᠬᠢᠯᠡᠯᠲᠡ ᠶᠢᠨ ᠬᠤᠷᠳᠤᠴᠠ ᠪᠠᠨ ᠰᠢᠢᠳᠪᠦᠷᠢᠲᠦ ᠪᠠᠶᠢᠯᠳᠤᠭᠠᠨ ᠬᠢᠬᠦ︾ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ᠂ ᠨᠢᠭᠡ ᠲᠥᠷᠥᠯ ᠵᠦᠢᠯ ᠨᠢᠭᠡ ᠲᠥᠷᠥᠯ ᠵᠦᠢᠯ ᠢᠶᠠᠷ ︽ᠬᠠᠪᠤᠷ︾ ᠤᠨ ᠬᠤᠷᠳᠤᠴᠠ ᠶᠢ ᠲᠦᠷᠭᠡᠳᠬᠡᠵᠦ᠂ ︽ᠮᠣᠭᠠᠢ︾ ᠵᠢᠯ ᠢ ᠠᠮᠵᠢᠨ ᠣᠷᠣᠭᠰᠢᠯᠠᠵᠣ᠂ ᠡᠨᠡ ᠵᠢᠯ ᠤᠨ ᠰᠢᠨ᠎ᠡ ᠪᠠᠷ ᠪᠠᠶᠢᠭᠤᠯᠤᠭᠰᠠᠨ 47 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠵᠦᠢᠯ ᠤᠨ ᠨᠢᠭᠡᠳᠦᠭᠡᠷ ᠤᠯᠠᠷᠢᠯ ᠳᠤ 24 ᠲᠥᠷᠥᠯ ᠵᠦᠢᠯ ᠤᠨ ᠠᠵᠢᠯ ᠡᠬᠢᠯᠡᠭᠦᠯᠵᠦ᠂ ᠦᠯᠡᠳᠡᠭᠰᠡᠨ 4 ᠰᠠᠷ᠎ᠠ ᠳᠤ ᠠᠵᠢᠯ ᠡᠬᠢᠯᠡᠭᠦᠯᠬᠦ ᠶᠢ ᠯᠠᠪᠲᠠᠢ ᠪᠠᠳᠣᠯᠠᠬᠤ ᠪᠠᠷ ᠮᠡᠷᠡᠶᠢᠵᠣ ᠪᠣᠢ᠃   ᠢ ᠮᠧᠶ ᠰᠢᠨ ᠯᠢ ᠺᠣᠮᠫᠠᠨᠢ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠶᠡᠷᠦᠩᠬᠡᠶᠢᠯᠡᠭᠰᠡᠨ ᠪᠡᠶᠡᠴᠢᠯᠡᠨ ᠣᠶᠢᠯᠠᠭᠠᠬᠤ ᠲᠥᠷᠥᠯ ᠵᠦᠢᠯ
    ᠢ ᠮᠧᠶ ᠰᠢᠨ ᠯᠢ ᠺᠣᠮᠫᠠᠨᠢ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠶᠡᠷᠦᠩᠬᠡᠶᠢᠯᠡᠭᠰᠡᠨ ᠪᠡᠶᠡᠴᠢᠯᠡᠨ ᠣᠶᠢᠯᠠᠭᠠᠬᠤ ᠲᠥᠷᠥᠯ ᠵᠦᠢᠯ ᠤᠨ ᠦᠷ᠎ᠡ ᠪᠦᠲᠦᠭᠡᠯ ᠤᠨ ᠵᠢᠷᠤᠭ    ᠶᠡᠷᠦᠩᠬᠡᠢ ᠪᠡᠯᠡ ᠣᠷᠣᠭᠤᠯᠤᠯᠲᠠ᠄ 1 ᠳ᠋ᠦᠩᠰᠢᠭᠤᠷ ᠲᠥᠭᠦᠷᠢᠭ᠃   ᠪᠦᠲᠦᠭᠡᠨ ᠪᠠᠶᠢᠭᠤᠯᠬᠤ ᠠᠭᠤᠯᠭ᠎ᠠ᠄ ᠲᠤᠶᠢᠯ ᠤᠨ ᠺᠷᠢᠫᠲ᠋ᠣᠨ ᠮᠠᠰᠢᠨ ᠲᠡᠷᠭᠡ ᠪᠣᠷᠣᠯᠠᠭᠤᠯᠬᠤ᠂ ᠪᠡᠶᠡᠴᠢᠯᠡᠨ ᠣᠶᠢᠯᠠᠭᠠᠬᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠦᠢᠯᠡᠳᠪᠦᠷᠢ ᠶᠢᠨ ᠳᠡᠯᠭᠡᠭᠦᠷ ᠪᠠ ᠳᠡᠭᠡᠳᠦ ᠲᠠᠰ ᠤᠨ ᠬᠤᠳᠠᠯᠳᠤᠭᠠᠨ ᠤ ᠶᠠᠪᠤᠳᠠᠯ ᠤᠨ ᠪᠠᠭᠤᠳᠠᠯ ᠵᠢᠴᠢ ᠢᠵᠢ ᠪᠦᠷᠢᠳᠦᠭᠰᠡᠨ ᠨᠡᠶᠢᠲᠡ ᠶᠢᠨ ᠪᠠ ᠲᠤᠰᠠᠯᠠᠬᠤ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠤᠨ᠎ᠠ᠃    ᠲᠡᠷᠢᠭᠦᠨ ᠤ ᠴᠢᠨᠠᠷ᠄ ᠲᠣᠰ ᠲᠥᠷᠥᠯ ᠵᠦᠢᠯ ᠨᠢ ᠪᠤᠭᠤᠲᠤ ᠬᠤᠲᠠ ᠶᠢᠨ ᠠᠩᠬᠠᠳᠠᠭᠴᠢ ᠬᠡᠲᠦ ᠺᠷᠢᠫᠲ᠋ᠣᠨ ᠮᠠᠰᠢᠨ ᠲᠡᠷᠭᠡᠨ ᠤ ᠳᠡᠭᠡᠳᠦ ᠲᠠᠰ ᠤᠨ ᠪᠡᠶᠡᠴᠢᠯᠡᠨ ᠣᠶᠢᠯᠠᠭᠠᠬᠤ ᠳᠡᠯᠭᠡᠭᠦᠷ᠂ ᠬᠤᠷᠠᠮᠠᠯ ᠳᠡᠭᠡᠳᠦ ᠲᠠᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠶᠡᠷᠦᠩᠬᠡᠶᠢᠯᠡᠭᠰᠡᠨ ᠦᠢᠯᠡᠴᠢᠯᠡᠭᠡ ᠪᠠ ᠳᠡᠭᠡᠳᠦ ᠲᠠᠰ ᠤᠨ ᠬᠤᠳᠠᠯᠳᠤᠭᠠᠨ ᠤ ᠶᠠᠪᠤᠳᠠᠯ ᠤᠨ ᠪᠠᠭᠤᠳᠠᠯ ᠢ ᠨᠢᠭᠡ ᠴᠣᠭᠴᠠᠵᠢᠭᠤᠯᠤᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠶᠡᠷᠦᠩᠬᠡᠶᠢᠯᠡᠭᠰᠡᠨ ᠬᠤᠷᠠᠮᠠᠯ ᠦᠢᠯᠡᠴᠢᠯᠡᠭᠡᠨ ᠤ ᠬᠡᠪ ᠳᠠᠭᠤᠷᠢᠶᠠᠯ ᠢ ᠡᠭᠦᠳᠪᠡ᠃ ᠲᠤᠰ ᠲᠦᠷᠦᠯ ᠵᠦᠢᠯ ᠨᠢ 3 ᠰᠠᠷ᠎ᠠ ᠶᠢᠨ 10  ᠤ ᠡᠳᠦᠷ ᠠᠴᠠ ᠡᠬᠢᠯᠡᠵᠡᠢ᠃
   ᠢ ᠮᠧᠶ ᠰᠢᠨ ᠯᠢ ᠺᠣᠮᠫᠠᠨᠢ ᠶᠢᠨ ᠪᠠᠶᠢᠭᠤᠯᠤᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠲᠥᠷᠥᠯ ᠵᠦᠢᠯ ᠤᠨ ᠲᠤᠬᠠᠢ ᠶᠢᠨ ᠲᠠᠯᠠᠪᠠᠶ    ᠥᠪᠥᠷ ᠮᠣᠩᠭᠤᠯ ᠤᠨ ᠢ ᠮᠧᠢ ᠰᠢᠨ ᠯᠢ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠪᠣᠯ ᠮᠠᠰᠢᠨ ᠲᠡᠷᠭᠡᠨ ᠤ ᠪᠣᠷᠤᠯᠠᠭᠤᠯᠭ᠎ᠠ᠂ ᠶᠡᠷᠦᠩᠬᠡᠶᠢᠯᠡᠭᠰᠡᠨ ᠦᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠠᠵᠤ ᠠᠬᠤᠶᠢᠯᠠᠯ ᠪᠣᠯᠣᠨ᠎ᠠ᠂ ᠪᠠᠶᠢᠭᠤᠯᠤᠭᠰᠠᠨ ᠵᠢᠢ ᠺᠷᠢᠫᠲ᠋ᠣᠨ ᠮᠠᠰᠢᠨ ᠲᠡᠷᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠦᠢᠯᠡᠳᠪᠦᠷᠢ ᠳᠡᠯᠭᠡᠭᠦᠷ ᠪᠣᠯᠣᠨ ᠯᠢ ᠪᠠᠢ ᠪᠠᠭᠤᠳᠠᠯ ᠨᠢ ᠪᠤᠭᠤᠲᠤ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠦᠷᠢᠶᠡᠨ ᠤ ᠶᠡᠷᠦᠩᠬᠡᠶᠢᠯᠡᠭᠰᠡᠨ ᠦᠢᠯᠡᠴᠢᠯᠡᠭᠡ ᠵᠢᠴᠢ ᠠᠮᠢᠳᠤᠷᠠᠯ ᠤᠨ ᠣᠶᠢᠯᠠᠭᠠᠯᠲᠠ ᠶᠢᠨ ᠰᠢᠨ᠎ᠡ ᠬᠡᠪ ᠳᠠᠭᠤᠷᠢᠶᠠᠯ ᠪᠣᠯᠬᠤ ᠪᠣᠯᠣᠨ᠎ᠠ᠃ ᠢ ᠮᠧᠶ ᠰᠢᠨ ᠯᠢ ᠨᠡᠷᠡᠮᠵᠢᠲᠦ ᠮᠠᠰᠢᠨ ᠲᠡᠷᠭᠡᠨ ᠤ ᠰᠡᠯᠪᠢᠭ ᠲᠣᠨᠤᠭ ᠦᠢᠯᠡᠳᠬᠦ ᠲᠥᠷᠥᠯ ᠵᠦᠢᠯ ᠵᠢᠱᠢᠯᠲᠡ ᠪᠠᠷ 8 ᠰᠠᠷ᠎ᠠ ᠳᠤ ᠠᠰᠢᠭᠯᠠᠯᠲᠠ ᠳᠤ ᠣᠷᠣᠬᠤ ᠪᠣᠯᠣᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号