| ︽ᠲᠤᠬᠠᠶ ᠶᠢᠨ ᠲᠠᠯᠠᠪᠠᠶ ᠳᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠰᠣᠨᠣᠰᠤᠭᠰᠠᠨ ᠤ ᠳᠠᠷᠠᠭ᠎ᠠ᠂ ᠪᠢ | ᠲᠦᠢᠯ ᠢᠶᠠᠷ ᠤᠷᠮᠠᠰᠢᠨ ᠵᠣᠷᠢᠭᠵᠢᠵᠤ᠂ ᠮᠥᠷᠥᠨ ᠳᠤ ᠲᠠᠯᠪᠢᠭᠳᠠᠵᠤ ᠪᠠᠶᠢᠬᠤ ᠡᠭᠦᠷᠭᠡ ᠬᠠᠷᠢᠭᠤᠴᠠᠯᠭ᠎ᠠ ᠪᠠᠨ ᠴᠤ ᠭᠦᠨ | ᠤᠬᠠᠭᠠᠷᠠᠪᠠ᠃ ᠢᠯᠡᠳᠭᠡᠯ ᠳᠤ ︿ᠪᠦᠬᠦ ᠤᠯᠤᠰ ᠤᠨ ᠪᠤᠳᠤᠯᠳᠠ ᠶᠢᠨ ᠬᠦᠴᠦᠨ ᠤ ᠡᠬᠢ ᠪᠠᠶᠠᠯᠢᠭ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ﹀ ᠭᠡᠵᠦ ᠳᠤᠷᠠᠳᠤᠭᠰᠠᠨ ᠨᠢ ᠬᠥᠬᠡᠬᠤᠲᠠ ᠳᠤ ᠠᠪᠴᠤ ᠬᠡᠯᠡᠪᠡᠯ ᠰᠢᠨ᠎ᠡ | ᠬᠥᠭᠵᠢᠯᠲᠡ ᠶᠢᠨ ᠠᠵᠠ ᠲᠣᠬᠢᠶᠠᠯ ᠮᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠪᠣᠯᠤᠭᠰᠠᠨ ᠤ | ᠬᠤᠪᠢ ᠳᠤ᠂ ᠬᠥᠬᠡᠬᠤᠲᠠ ᠳᠤ ᠪᠣᠬᠢᠷᠲᠤᠯ ᠦᠭᠡᠢ ᠪᠤᠳᠤᠯᠳᠠ ᠶᠢᠨ ᠬᠦᠴᠦᠨ ᠵᠢᠴᠢ ᠵᠣᠬᠢᠶᠠᠮᠠᠯ ᠤᠶᠤᠨ ᠴᠢᠳᠠᠪᠤᠷᠢ ᠶᠢ | ᠬᠥᠭᠵᠢᠭᠦᠯᠬᠦ ᠨᠥᠬᠦᠴᠡᠯ ᠲᠠᠢ᠂ ᠰᠠᠭᠤᠷᠢ ᠲᠠᠢ᠂ ᠳᠠᠪᠠᠭᠤᠯᠢᠭ ᠲᠠᠢ ᠶᠤᠮ᠂ ᠪᠢᠳᠡ ᠠᠵᠠ ᠲᠣᠬᠢᠶᠠᠯ ᠢ ᠠᠮᠵᠢᠵᠤ᠂ ᠢᠲᠡᠭᠡᠯ | ᠵᠣᠷᠢᠭ ᠢᠶᠠᠨ ᠪᠠᠲᠤᠳᠬᠠᠵᠤ᠂ ᠪᠣᠬᠢᠷᠲᠤᠯ ᠦᠭᠡᠢ ᠪᠤᠳᠤᠯᠳᠠ ᠶᠢᠨ ᠬᠦᠴᠦᠨ᠂ ᠵᠣᠬᠢᠶᠠᠮᠠᠯ ᠤᠶᠤᠨ ᠴᠢᠳᠠᠪᠤᠷᠢ ᠪᠠᠷ | ᠲᠤᠯᠭᠠᠭᠤᠷᠢᠯᠠᠯ ᠪᠣᠯᠭᠠᠭᠰᠠᠨ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ | ᠪᠦᠯᠦᠭᠵᠢᠯ ᠢ ᠪᠦᠬᠦ ᠬᠦᠴᠦ ᠪᠠᠷ ᠢᠶᠠᠨ ᠠᠬᠢᠭᠤᠯᠵᠤ᠂ ᠪᠣᠬᠢᠷᠲᠤᠯ ᠦᠭᠡᠢ ᠪᠤᠳᠤᠯᠳᠠ ᠶᠢᠨ ᠬᠦᠴᠦᠨ ᠪᠣᠯᠤᠨ ᠵᠣᠬᠢᠶᠠᠮᠠᠯ | ᠤᠶᠤᠨ ᠴᠢᠳᠠᠪᠤᠷᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ︾ ᠭᠡᠵᠦ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠥᠬᠡᠬᠤᠲᠠ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠬᠡᠯᠡᠪᠡ᠃ | 2024 ᠣᠨ ᠳᠤ᠂ ᠬᠥᠬᠡᠬᠤᠲᠠ ᠶᠢᠨ ᠪᠤᠳᠤᠯᠳᠠ ᠶᠢᠨ ᠬᠦᠴᠦᠨ ᠤ ᠬᠡᠪᠴᠢᠶ᠎ᠡ 4.4 ᠲᠦᠮᠡᠨ P ᠳᠤ ᠬᠦᠷᠪᠠ᠂ | ᠡᠭᠦᠨ ᠳᠤ ᠤᠶᠤᠨᠲᠤ ᠪᠣᠳᠣᠯᠳᠠ 4.2 ᠲᠦᠮᠡᠨ P ᠪᠠᠶᠢᠵᠤ᠂ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ︔ | ᠳᠤᠮᠳᠠᠳᠤ ᠤᠯᠤᠰ ᠤᠨ ︽ᠪᠤᠳᠤᠯᠳᠠ ᠶᠢᠨ ᠠᠵᠤ ᠦᠢᠯᠡᠰ︾ ᠤᠨ ᠪᠦᠯᠦᠭᠵᠢᠯ ᠤᠨ ᠬᠤᠰᠢᠭᠤᠴᠢ᠂ ︽ᠪᠣᠬᠢᠷᠲᠤᠯ ᠦᠭᠡᠢ | ᠪᠤᠳᠤᠯᠳᠠ ᠶᠢᠨ ᠬᠦᠴᠦᠨ︾ ᠤ ᠬᠥᠭᠵᠢᠯᠲᠡ ᠶᠢᠨ ᠬᠤᠰᠢᠭᠤᠴᠢ ᠵᠡᠷᠭᠡ 2 ᠵᠦᠢᠯ ᠤᠨ ᠢᠷᠠᠭᠤ ᠠᠯᠳᠠᠷ ᠢ ᠬᠦᠷᠳᠡᠵᠤ᠂ | 2024 ᠤᠨ ᠤ ᠳᠤᠮᠳᠠᠳᠤ ᠤᠯᠤᠰ ᠤᠨ ᠪᠣᠬᠢᠷᠲᠤᠯ ᠦᠭᠡᠢ ᠪᠤᠳᠤᠯᠳᠠ ᠶᠢᠨ ᠬᠦᠴᠦᠨ ᠤ ᠶᠡᠭᠡ ᠬᠤᠷᠠᠯ ᠢ ᠠᠮᠵᠢᠯᠲᠠ ᠲᠠᠢ | ᠡᠷᠬᠢᠯᠡᠵᠦ᠂ ︽ᠳᠤᠮᠳᠠᠳᠤ ᠤᠯᠤᠰ ᠤᠨ ᠡᠭᠦᠯᠡᠨ ᠬᠥᠨᠳᠡᠢ︾ ᠴᠣᠯᠠ ᠬᠦᠷᠳᠡᠵᠦ᠂ ᠲᠣᠭᠠᠴᠢᠯᠠᠭᠰᠠᠨ ᠠᠵᠤ ᠠᠬᠤᠢ ᠶᠢᠨ | ᠦᠳᠲᠡᠷ ᠲᠦᠷᠭᠡᠨ ᠬᠥᠭᠵᠢᠯᠲᠡ ᠶᠢᠨ ᠤᠷᠤᠰᠬᠠᠯ ᠳᠤᠮᠳᠠ᠂ ᠪᠤᠳᠤᠯᠳᠠ ᠶᠢᠨ ᠬᠦᠴᠦᠨ ᠤ ᠠᠵᠤ ᠦᠢᠯᠡᠰ ᠨᠢ ᠨᠢᠭᠡᠨᠲᠡ | ᠠᠵᠤ ᠠᠬᠤᠢ ᠶᠢᠨ ᠨᠡᠮᠡᠭᠳᠡᠯ ᠪᠣᠯᠤᠨ ᠰᠢᠨ᠎ᠡ ᠶᠢ ᠡᠭᠦᠳᠬᠦ ᠵᠠᠩᠭᠢᠯᠠᠭ᠎ᠠ ᠶᠢᠨ ᠬᠥᠳᠡᠯᠭᠡᠭᠦᠷ ᠪᠣᠯᠵᠠᠢ᠃ | ᠾᠧ ᠬᠠᠢ ᠳ᠋ᠦᠩ ᠪᠠᠶᠢᠴᠠᠭᠠᠨ ᠰᠤᠳᠤᠯᠤᠯᠲᠠ ᠬᠢᠬᠦ ᠳᠤᠮᠳᠠ ᠪᠠᠨ᠂ ᠪᠤᠳᠤᠯᠳᠠ ᠶᠢᠨ ᠬᠦᠴᠦᠨ ᠤ ᠠᠵᠤ | ᠦᠢᠯᠡᠰ ᠤᠨ ᠬᠡᠪᠴᠢᠶ᠎ᠡ ᠶᠢᠨ ᠲᠠᠰᠤᠷᠠᠯᠳᠠ ᠦᠭᠡᠢ ᠥᠷᠭᠡᠳᠬᠦ ᠶᠢ ᠲᠠᠭᠠᠯᠳᠤᠨ᠂ ᠠᠵᠢᠯ ᠲᠦᠷᠦᠯ ᠤᠨ ᠡᠵᠡᠩᠨᠡᠯᠲᠡ ᠡᠳᠦᠷ | ᠢᠷᠡᠬᠦᠶ᠎ᠡ ᠨᠠᠷᠢᠨ ᠬᠤᠪᠢᠶᠠᠭᠳᠠᠵᠤ᠂ ᠤᠯᠠᠮᠵᠢᠯᠠᠯᠲᠤ ᠲᠤᠭ᠎ᠠ ᠪᠦᠷᠢᠳᠭᠡᠯ ᠤᠨ ᠪᠠᠶᠢᠴᠠᠭᠠᠯᠲᠠ ᠶᠢᠨ ᠲᠦᠷᠢᠮ᠂ ᠲᠦᠷᠦᠯ | ᠬᠤᠪᠢᠶᠠᠬᠤ ᠪᠠᠷᠢᠮᠵᠢᠶ᠎ᠠ ᠨᠢ ᠨᠢᠭᠡᠨᠲᠡ ᠬᠥᠭᠵᠢᠯᠲᠡ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠤᠯᠵᠤ᠂ | ᠪᠦᠷᠢᠳᠭᠡᠯ ᠤᠨ ᠡᠯᠧᠮᠧᠨ᠋ᠲ ᠪᠦᠷᠢᠨ ᠪᠤᠰᠤ᠂ ᠪᠤᠳᠤᠯᠳᠠ ᠶᠢᠨ ᠬᠦᠴᠦᠨ ᠤ ᠠᠵᠢᠯ ᠲᠦᠷᠦᠯ ᠤᠨ ᠦᠷ᠎ᠡ ᠪᠦᠲᠦᠭᠡᠯ ᠢ ᠣᠷᠣᠨ | ᠨᠤᠲᠤᠭ ᠤᠨ ᠲᠤᠭ᠎ᠠ ᠪᠦᠷᠢᠳᠭᠡᠯ ᠳᠤ ᠣᠷᠣᠭᠤᠯᠵᠤ ᠳᠡᠶᠢᠯᠬᠦ ᠦᠭᠡᠢ ᠵᠡᠷᠭᠡ ᠠᠰᠠᠭᠤᠳᠠᠯ ᠣᠷᠣᠰᠢᠵᠤ᠂ ᠪᠤᠳᠤᠯᠳᠠ ᠶᠢᠨ | ᠬᠦᠴᠦᠨ ᠤ ᠠᠵᠢᠯ ᠲᠦᠷᠦᠯ ᠤᠨ ᠬᠥᠭᠵᠢᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠲᠤᠰᠬᠠᠬᠤ ᠶᠢᠨ ᠠᠷᠭ᠎ᠠ ᠦᠭᠡᠢ | ᠮᠥᠷᠲᠡᠭᠡᠨ ᠭᠠᠵᠠᠷ ᠣᠷᠣᠨ ᠤ ᠪᠤᠳᠤᠯᠳᠠ ᠶᠢᠨ ᠬᠦᠴᠦᠨ ᠤ ᠬᠥᠭᠵᠢᠯᠲᠡ ᠶᠢᠨ ᠪᠠᠶᠢᠳᠠᠯ ᠢ ᠴᠤ ᠪᠦᠬᠦ ᠲᠠᠯ᠎ᠠ ᠪᠠᠷ | ᠲᠤᠰᠬᠠᠬᠤ ᠶᠢᠨ ᠠᠷᠭ᠎ᠠ ᠦᠭᠡᠢ ᠪᠠᠶᠢᠭ᠎ᠠ ᠶᠢ ᠤᠯᠵᠤ ᠮᠡᠳᠡᠵᠡᠢ᠃ | ᠲᠣᠮᠣ ᠳ᠋ᠠᠶᠢᠲ᠋ᠠ ᠶᠢᠨ ᠪᠤᠳᠤᠯᠳᠠ ᠶᠢᠨ ᠬᠦᠴᠦᠨ ᠤ ᠠᠵᠤ ᠦᠢᠯᠡᠰ ᠤᠨ ᠳᠤᠭᠠᠴᠠᠭ᠎ᠠ ᠶᠢ ᠲᠤᠭ᠎ᠠ ᠪᠦᠷᠢᠳᠭᠡᠯ ᠳᠤ | ᠤᠷᠤᠭᠤᠯᠬᠤ ᠶᠢ ᠬᠡᠷᠬᠢᠨ ᠲᠡᠭᠦᠯᠳᠡᠷᠵᠢᠭᠦᠯᠬᠦ ᠲᠤᠬᠠᠶ ᠾᠧ ᠬᠠᠶ ᠳ᠋ᠦᠩ ᠥᠪᠡᠷ ᠤᠨ ᠰᠠᠨᠠᠭᠤᠯᠭ᠎ᠠ ᠪᠠᠨ ᠳᠤᠷᠠᠳᠪᠠ᠃ ᠨᠢᠭᠡ | ᠲᠠᠯ᠎ᠠ ᠪᠠᠷ᠂ ᠤᠯᠤᠰ ᠤᠨ ᠲᠤᠭ᠎ᠠ ᠪᠦᠷᠢᠳᠭᠡᠯ ᠤᠨ ᠲᠣᠪᠴᠢᠶ᠎ᠠ ᠲᠦᠷᠦᠭᠦᠯᠡᠨ᠂ ᠠᠵᠢᠯ ᠲᠥᠷᠥᠯ ᠤᠨ ᠬᠤᠪᠢᠶᠠᠷᠢᠯᠠᠯ ᠳᠤ | ᠪᠤᠳᠤᠯᠳᠠ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠢ ᠨᠠᠮᠠᠨ ᠲᠣᠬᠢᠷᠠᠭᠤᠯᠵᠤ᠂ ᠪᠤᠳᠤᠯᠳᠠ ᠶᠢᠨ | ᠬᠦᠴᠦᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠣᠨᠣᠴᠠᠲᠠᠶ ᠦᠨᠡᠯᠡᠨ ᠵᠢᠱᠢᠵᠦ᠂ ᠲᠡᠭᠦᠨ ᠤ | ᠬᠥᠭᠵᠢᠯᠲᠡ ᠶᠢᠨ ᠦᠷ᠎ᠡ ᠪᠦᠲᠦᠮᠵᠢ ᠶᠢ ᠭᠦᠢᠴᠡᠳ ᠢᠯᠡᠷᠡᠭᠦᠯᠬᠦ ᠳᠤ ᠲᠥᠬᠦᠮ ᠪᠣᠯᠭᠠᠬᠤ ᠶᠢ ᠰᠠᠨᠠᠭᠤᠯᠪᠠ᠃ ᠨᠥᠭᠦᠭᠡ | ᠲᠠᠯ᠎ᠠ ᠪᠠᠷ᠂ ︽ᠬᠠᠷᠢᠴᠠᠯ ᠶᠣᠰᠣᠭᠠᠷ ᠬᠤᠪᠢᠶᠠᠷᠢᠯᠠᠬᠤ︾ ᠲᠣᠭᠲᠠᠴᠠ ᠪᠤᠶᠤ ︽ᠣᠷᠣᠯᠭ᠎ᠠ ᠪᠠᠷ ᠵᠠᠷᠤᠳᠠᠯ ᠢ ᠪᠦᠷᠬᠦᠭᠦᠯᠬᠦ︾ | ᠲᠣᠭᠲᠠᠴᠠ ᠶᠢ ᠪᠠᠶᠢᠭᠤᠯᠵᠤ᠂ ᠪᠤᠳᠤᠯᠳᠠ ᠶᠢᠨ ᠬᠦᠴᠦᠨ ᠤ ᠳ᠋ᠠᠶᠢᠲ᠋ᠠ ᠶᠢ ᠲᠣᠰ ᠭᠠᠵᠠᠷ ᠲᠤᠨᠢ ᠲᠤᠭ᠎ᠠ ᠪᠦᠷᠢᠳᠭᠡᠯ ᠳᠤ | ᠤᠷᠤᠭᠤᠯᠬᠤ ᠶᠢ ᠠᠬᠢᠭᠤᠯᠵᠤ᠂ ᠪᠤᠳᠤᠯᠳᠠ ᠶᠢᠨ ᠬᠦᠴᠦᠨ ᠤ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠮᠵᠢ ᠶᠢ | ᠣᠷᠣᠨ ᠨᠤᠲᠤᠭ ᠤᠨ ᠵᠠᠰᠠᠭ ᠤᠨ ᠣᠷᠳᠣᠨ ᠳᠤ ᠨᠠᠩ ᠰᠢᠭᠤᠳ ᠣᠯᠵᠤ ᠦᠵᠡᠭᠦᠯᠬᠦ ᠶᠢᠨ ᠤᠯᠠᠮ ᠠᠴᠠ ᠠᠵᠤ ᠦᠢᠯᠡᠰ ᠢ | ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠢᠶᠠᠨ ᠢᠳᠡᠪᠬᠢᠲᠡᠶ | ᠥᠷᠭᠡᠳᠭᠡᠬᠦ ᠶᠢ ᠵᠣᠷᠢᠭᠵᠢᠭᠤᠯᠵᠤ᠂ ᠰᠢᠨ᠎ᠡ ᠶᠢ ᠡᠭᠦᠳᠬᠦ ᠣᠷᠣᠭᠤᠯᠤᠯᠲᠠ ᠪᠠᠨ ᠨᠡᠮᠡᠭᠳᠡᠭᠦᠯᠵᠦ᠂ ᠠᠵᠤ ᠦᠢᠯᠡᠰ ᠤᠨ ᠴᠢᠨᠠᠷ | ᠰᠠᠶᠢᠲᠠᠶ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢ ᠰᠠᠨᠠᠭᠤᠯᠪᠠ᠃ | |