ᠴᠣᠬᠤᠯᠠᠪᠤᠷᠢ᠄ 2 ᠰᠠᠷ᠎ᠠ ᠶᠢᠨ 11 ᠤ ᠡᠳᠦᠷ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠪᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠨ ᠠᠬᠢᠭᠤᠯᠬᠤ | ᠬᠤᠷᠠᠯ ᠬᠤᠷᠠᠯᠳᠤᠭᠰᠠᠨ ᠤ ᠳᠠᠷᠠᠭ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠵᠠᠷᠯᠢᠭ | ᠰᠣᠨᠣᠰᠤᠭᠰᠠᠭᠠᠷ ᠬᠥᠳᠡᠯᠦᠯᠴᠡᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠂ ︽ᠡᠬᠢᠯᠡᠯᠲᠡ ᠶᠢᠨ | ᠬᠤᠷᠳᠤᠴᠠ ᠪᠠᠨ ᠲᠦᠷᠭᠡᠳᠬᠡᠵᠦ᠂ ᠡᠬᠢᠯᠡᠯᠲᠡ ᠶᠢᠨ ᠬᠤᠷᠳᠤᠴᠠ ᠪᠠᠨ ᠰᠢᠢᠳᠪᠦᠷᠢᠲᠦ ᠪᠠᠶᠢᠯᠳᠤᠭᠠᠨ ᠬᠢᠬᠦ︾ ᠴᠤᠭ | ᠪᠠᠳᠠᠷᠠᠩᠭᠤᠢ ᠲᠡᠮᠡᠴᠡᠯ ᠤᠨ ᠵᠣᠷᠢᠭ ᠢᠶᠠᠷ᠂ ᠨᠢᠭᠡ ᠲᠥᠷᠥᠯ ᠵᠦᠢᠯ ᠨᠢᠭᠡ ᠲᠥᠷᠥᠯ ᠵᠦᠢᠯ ᠢᠶᠠᠷ ︽ᠬᠠᠪᠤᠷ︾ ᠤᠨ | ᠬᠤᠷᠳᠤᠴᠠ ᠶᠢ ᠲᠦᠷᠭᠡᠳᠬᠡᠵᠦ᠂ ︽ᠮᠣᠭᠠᠢ︾ ᠵᠢᠯ ᠢ ᠠᠮᠵᠢᠨ ᠣᠷᠣᠭᠰᠢᠯᠠᠵᠣ᠂ ᠡᠨᠡ ᠵᠢᠯ ᠤᠨ ᠰᠢᠨ᠎ᠡ ᠪᠠᠷ | ᠪᠠᠶᠢᠭᠤᠯᠤᠭᠰᠠᠨ 47 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠵᠦᠢᠯ ᠤᠨ | ᠨᠢᠭᠡᠳᠦᠭᠡᠷ ᠤᠯᠠᠷᠢᠯ ᠳᠤ 24 ᠲᠥᠷᠥᠯ ᠵᠦᠢᠯ ᠤᠨ ᠠᠵᠢᠯ ᠡᠬᠢᠯᠡᠭᠦᠯᠵᠦ᠂ ᠦᠯᠡᠳᠡᠭᠰᠡᠨ 4 ᠰᠠᠷ᠎ᠠ ᠳᠤ ᠠᠵᠢᠯ | ᠡᠬᠢᠯᠡᠭᠦᠯᠬᠦ ᠶᠢ ᠯᠠᠪᠲᠠᠢ ᠪᠠᠳᠣᠯᠠᠬᠤ ᠪᠠᠷ ᠮᠡᠷᠡᠶᠢᠵᠣ ᠪᠣᠢ᠃ | ᠶᠡᠷᠦᠩᠬᠡᠢ ᠪᠡᠯᠡ ᠣᠷᠣᠭᠤᠯᠤᠯᠲᠠ ᠨᠢ 3500 ᠲᠦᠮᠡᠨ ᠲᠥᠭᠦᠷᠢᠭ᠃ | ᠪᠦᠲᠦᠭᠡᠨ ᠪᠠᠶᠢᠭᠤᠯᠬᠤ ᠠᠭᠤᠯᠭ᠎ᠠ᠄ ᠬᠤᠪᠣᠷ ᠰᠢᠷᠣᠶ ᠶᠢᠨ ᠦᠨᠳᠦᠰᠦᠨ ᠨᠡᠶᠢᠯᠡᠮᠡᠯ ᠴᠢᠳᠠᠮᠵᠢᠲᠤ | ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ᠂ ᠼᠧᠷᠢ ᠶᠢᠨ ᠢᠰᠦᠯᠳᠦᠭᠰᠡᠨ ᠦᠢᠯᠡᠳᠪᠦᠷᠢᠯᠡᠯ ᠤᠨ ᠱᠤᠭᠤᠮ ᠵᠢᠴᠢ | ᠠᠯᠪᠠᠨ ᠪᠠ ᠲᠤᠰᠠᠯᠠᠬᠤ ᠪᠡᠯᠡᠳᠬᠡᠮᠵᠢ ᠶᠢ ᠰᠢᠨ᠎ᠡ ᠪᠠᠷ ᠪᠠᠶᠢᠭᠤᠯᠤᠨ᠎ᠠ᠃ | ᠲᠡᠷᠢᠭᠦᠨ ᠤ ᠴᠢᠨᠠᠷ ᠲᠠᠢ᠄ ᠲᠥᠷᠥᠯ ᠵᠦᠢᠯ ᠳᠤ ᠠᠵᠢᠯ ᠲᠥᠷᠥᠯ ᠢᠶᠠᠷ ᠲᠦᠷᠦᠭᠦᠯᠡᠭᠰᠡᠨ ᠬᠤᠪᠣᠷ ᠰᠢᠷᠣᠶ ᠶᠢᠨ | ᠦᠨᠳᠦᠰᠦᠨ ᠨᠡᠶᠢᠯᠡᠮᠡᠯ ᠴᠢᠳᠠᠮᠵᠢᠲᠦ ᠮᠠᠲ᠋ᠧᠷᠢᠶᠠᠯ ᠦᠢᠯᠡᠳᠪᠦᠷᠢᠯᠡᠬᠦ ᠤᠷᠠᠨ ᠠᠷᠭ᠎ᠠ ᠶᠢ ᠬᠡᠷᠡᠭᠯᠡᠵᠦ᠂ | ᠦᠢᠯᠡᠳᠪᠦᠷᠢᠯᠡᠭᠰᠡᠨ ᠬᠤᠪᠣᠷ ᠰᠢᠷᠣᠶ ᠶᠢᠨ ᠦᠨᠳᠦᠰᠦᠨ ᠨᠡᠶᠢᠯᠡᠮᠡᠯ ᠴᠢᠳᠠᠮᠵᠢᠲᠦ ᠮᠠᠲ᠋ᠧᠷᠢᠶᠠᠯ ᠵᠢᠴᠢ ᠬᠤᠪᠣᠷ | ᠰᠢᠷᠣᠶ ᠶᠢᠨ ᠢᠰᠦᠯᠳᠦᠭᠰᠡᠨ ᠪᠣᠳᠠᠰ ᠤᠨ ᠦᠢᠯᠡᠳᠬᠦᠨ ᠪᠣᠯ ᠬᠤᠪᠣᠷ ᠰᠢᠷᠣᠶ ᠶᠢᠨ ᠴᠢᠳᠠᠮᠵᠢᠲᠦ ᠮᠠᠲ᠋ᠧᠷᠢᠶᠠᠯ ᠤᠨ | ᠬᠦᠷᠢᠶᠡᠨ ᠳᠠᠬᠢ ᠳᠡᠭᠡᠳᠦ ᠲᠠᠰ ᠤᠨ ᠦᠢᠯᠡᠳᠬᠦᠨ ᠪᠣᠯᠬᠤᠷ᠂ ᠨᠡᠯᠢᠶᠡᠳ ᠥᠨᠳᠥᠷ ᠦᠢᠯᠡᠳᠬᠦᠨ ᠤ ᠨᠡᠮᠡᠯᠲᠡ | ᠥᠷᠲᠡᠭ ᠲᠠᠢ ᠶᠤᠮ᠃ | ᠲᠤᠰ ᠲᠥᠷᠥᠯ ᠵᠦᠢᠯ ᠢ 3 ᠰᠠᠷ᠎ᠠ ᠶᠢᠨ 15 ᠤ ᠡᠳᠦᠷ ᠨᠢᠭᠡᠨᠲᠡ ᠡᠬᠢᠯᠡᠭᠦᠯᠪᠡ᠃ | ᠥᠪᠥᠷ ᠮᠣᠩᠭᠤᠯ ᠤᠨ ᠲᠢᠶᠠᠨ ᠱᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ | ᠺᠣᠮᠫᠠᠨᠢ 2024 ᠣᠨ ᠤ 7 ᠰᠠᠷ᠎ᠠ ᠳᠤ ᠪᠠᠶᠢᠭᠤᠯᠤᠭᠳᠠᠵᠤ᠂ ᠰᠢᠨ᠎ᠡ ᠬᠡᠯᠪᠡᠷᠢ ᠶᠢᠨ ᠬᠤᠪᠣᠷ ᠰᠢᠷᠣᠢ ᠶᠢᠨ | ᠴᠢᠳᠠᠮᠵᠢ ᠶᠢᠨ ᠮᠠᠲ᠋ᠧᠷᠢᠶᠠᠯ ᠵᠢᠴᠢ ᠬᠤᠪᠣᠷ ᠰᠢᠷᠣᠢ ᠶᠢᠨ ᠨᠢᠭᠡᠳᠪᠦᠷᠢ ᠦᠢᠯᠡᠳᠪᠦᠷᠢᠯᠡᠯ ᠪᠣᠯᠤᠨ ᠰᠤᠳᠤᠯᠤᠨ ᠨᠡᠭᠡᠭᠡᠬᠦ | ᠠᠵᠤ ᠠᠬᠤᠶᠢᠯᠠᠯ ᠪᠣᠯᠵᠠᠢ᠃ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠤᠨ ᠬᠤᠪᠣᠷ ᠰᠢᠷᠣᠶ ᠶᠢᠨ | ᠴᠢᠳᠠᠮᠵᠢ ᠶᠢᠨ ᠮᠠᠲ᠋ᠧᠷᠢᠶᠠᠯ ᠤᠨ ᠬᠡᠷᠡᠭᠴᠡᠭᠡ ᠤᠯᠠᠮ ᠢᠶᠠᠷ ᠨᠡᠮᠡᠭᠳᠡᠬᠦ ᠶᠢ ᠳᠠᠭᠠᠯᠳᠤᠨ᠂ ᠲᠣᠰ ᠲᠥᠷᠥᠯ ᠵᠦᠢᠯ ᠨᠢ | ᠬᠤᠪᠣᠷ ᠰᠢᠷᠣᠶ ᠶᠢᠨ ᠴᠢᠳᠠᠮᠵᠢ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠳᠤᠤᠷᠠᠳᠤ ᠤᠷᠤᠰᠬᠠᠯ ᠳᠠᠰᠢ | ᠤᠷᠲᠤᠳᠬᠠᠬᠤ ᠳᠤ ᠪᠦᠲᠦᠮᠵᠢᠲᠡᠶ ᠬᠦᠴᠦᠨ ᠨᠡᠮᠡᠷᠢᠯᠡᠵᠦ᠂ ᠥᠷᠲᠡᠭ ᠤᠨ ᠬᠡᠯᠬᠢᠶ᠎ᠡ ᠶᠢ ᠳᠡᠭᠡᠳᠦ ᠳᠡᠰ ᠳᠠᠰᠢ | ᠳᠡᠭᠡᠭᠰᠢᠯᠡᠭᠦᠯᠦᠨ᠎ᠡ᠃ ᠲᠢᠶᠠᠨ ᠱᠢ ᠰᠢᠨᠵᠢᠯᠡᠭᠡ ᠮᠡᠷᠭᠡᠵᠢᠯ ᠤᠨ ᠺᠣᠮᠫᠠᠨᠢ ᠶᠢᠨ ᠳᠡᠭᠡᠳᠦ ᠳᠡᠰ ᠤᠨ ᠬᠤᠪᠣᠷ ᠰᠢᠷᠤᠢ | ᠶᠢᠨ ᠦᠨᠳᠦᠰᠦᠨ ᠨᠡᠢᠯᠡᠮᠡᠯ ᠴᠢᠳᠠᠪᠬᠢ ᠶᠢᠨ ᠮᠠᠲ᠋ᠧᠷᠢᠶᠠᠯ ᠤᠨ ᠲᠥᠷᠥᠯ ᠵᠦᠢᠯ ᠵᠢᠱᠢᠯᠲᠡ ᠪᠠᠷ 10 ᠰᠠᠷ᠎ᠠ ᠳᠤ ᠪᠦᠬᠦ | ᠲᠠᠯ᠎ᠠ ᠪᠠᠷ ᠠᠰᠢᠭᠯᠠᠯᠲᠠ ᠳᠤ ᠣᠷᠣᠨ᠎ᠠ᠃ | | | | |