ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ | ᠬᠥᠭᠵᠢᠯᠲᠡ ᠶᠢᠨ ᠣᠨᠣᠯᠵᠢᠬᠤᠨ ᠢ ᠪᠣᠶ ᠪᠣᠯᠭᠠᠨ ᠦᠢᠯᠡᠳᠦᠯᠭᠡᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ | ᠬᠠᠮᠠᠭᠠᠯᠠᠨ ᠰᠠᠶᠢᠵᠢᠷᠠᠭᠤᠯᠵᠤ᠂ ᠮᠠᠯ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ | ᠮᠠᠨ ᠤ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ︾᠂ ︽ᠪᠤᠭᠤᠲᠤ ᠬᠤᠲᠠ ᠶᠢᠨ ᠪᠡᠯᠴᠢᠭᠡᠷᠯᠡᠭᠦᠯᠬᠦ ᠶᠢ | ᠵᠣᠭᠰᠣᠭᠠᠵᠤ ᠪᠡᠯᠴᠢᠭᠡᠷ ᠢ ᠰᠡᠷᠭᠦᠭᠡᠬᠦ ᠳᠦᠷᠢᠮ︾ ᠵᠢᠴᠢ ︽ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠰᠠᠭᠤᠳᠠᠯ ᠢ ᠰᠢᠢᠳᠪᠦᠷᠢᠯᠡᠬᠦ ᠠᠵᠢᠯ ᠤᠨ | ᠲᠥᠰᠦᠯ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠣᠷᠣᠨ ᠤ ᠪᠣᠳᠠᠲᠤ ᠪᠠᠶᠢᠳᠠᠯ ᠲᠠᠢ | ᠤᠶᠠᠯᠳᠤᠭᠤᠯᠵᠤ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠪᠡᠯᠴᠢᠭᠡᠷᠯᠡᠭᠦᠯᠬᠦ ᠶᠢ ᠴᠠᠭᠠᠵᠠᠯᠠᠬᠤ ᠶᠢᠨ ᠬᠡᠷᠡᠭᠵᠢᠭᠦᠯᠬᠦ ᠬᠡᠪᠴᠢᠶ᠎ᠡ | ᠪᠤᠭᠤᠲᠤ ᠶᠢᠨ ᠬᠠᠲᠤᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠰᠢᠶᠤᠤ ᠪᠠᠶ ᠾᠧ | ᠭᠤᠤᠯ ᠤᠨ ᠬᠡᠰᠡᠭ ᠲᠣᠭᠤᠷᠢᠭ᠂ ᠬᠠᠲᠤᠨ ᠭᠤᠤᠯ ᠤᠨ ᠶᠡᠭᠡ ᠬᠠᠰᠢᠯᠭ᠎ᠠ ᠠᠴᠠ ᠡᠮᠦᠨᠡᠳᠡᠬᠢ ᠬᠤᠪᠣᠷ ᠰᠢᠷᠣᠶ ᠶᠢᠨ | ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠣᠷᠣᠨ ᠪᠦᠰᠡ᠃ | ᠬᠤᠶᠠᠷ᠂ ᠮᠠᠯ ᠬᠠᠷᠢᠭᠤᠯᠬᠤ ᠶᠢ ᠴᠠᠭᠠᠵᠠᠯᠠᠭᠰᠠᠨ ᠲᠥᠷᠥᠯ ᠵᠦᠢᠯ | ᠮᠠᠯᠵᠢᠬᠤ ᠣᠷᠣᠨ ᠳᠤ ᠦᠬᠡᠷ᠂ ᠮᠣᠷᠢ᠂ ᠬᠤᠨᠢ᠂ ᠯᠠᠭᠤᠰᠠ᠂ ᠡᠯᠵᠢᠭᠡ᠂ ᠲᠡᠮᠡᠭᠡ ᠵᠡᠷᠭᠡ ᠡᠪᠡᠰᠦᠨ | ᠲᠡᠵᠢᠭᠡᠯᠲᠦ ᠮᠠᠯ ᠬᠠᠷᠢᠭᠤᠯᠬᠤ ᠶᠢ ᠴᠠᠭᠠᠵᠠᠯᠠᠨ᠎ᠠ᠃ | ᠭᠤᠷᠪᠠ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ | ᠡᠳᠦᠭᠡ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠢᠨᠠᠯᠲᠠ ᠲᠠᠯᠪᠢᠬᠤ ᠠᠷᠭ᠎ᠠ ᠵᠠᠮ ᠢ ᠨᠡᠭᠡᠭᠡᠵᠦ᠂ | ᠢᠯᠡᠴᠢᠯᠡᠨ ᠮᠡᠳᠡᠭᠦᠯᠬᠦ ᠤᠲᠠᠰᠤ ᠭᠠᠷᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠶᠢ | ᠪᠠᠶᠠᠷᠯᠠᠨ ᠤᠭᠲᠤᠵᠤ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠬᠦ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠢᠳᠡᠪᠬᠢᠲᠡᠢ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠨ᠎ᠠ᠃ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ | ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠣᠶ ᠰᠢᠭᠤᠶ ᠶᠢᠨ ᠳᠠᠷᠤᠭ᠎ᠠ ᠶᠢᠨ | ᠲᠦᠷᠢᠮ ᠤᠨ ᠠᠯᠪᠠᠨ ᠬᠡᠷ ᠤᠨ ᠤᠲᠠᠰᠤ᠄ 0472 - 5255365 | ᠸᠠᠨ ᠱᠦᠶ ᠴᠢᠤᠸᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠩᠭᠢ ᠶᠢᠨ ᠤᠲᠠᠰᠤ᠄ 0472 - 5255073 | ᠬᠤᠪᠣᠷ ᠰᠢᠷᠣᠶ ᠶᠢᠨ ᠵᠠᠮ ᠤᠨ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠩᠭᠢ ᠶᠢᠨ ᠤᠲᠠᠰᠤ᠄ 0472 - 5358305 | ᠪᠤᠭᠤᠲᠤ ᠶᠢᠨ ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨᠣᠷᠣᠨ ᠤ | ᠬᠠᠮᠢᠶᠠᠷᠤᠯᠲᠠ ᠶᠢᠨ ᠵᠥᠪᠯᠡᠯ | 2025 ᠣᠨ ᠤ 3 ᠰᠠᠷ᠎ᠠ ᠶᠢᠨ 18 ᠤ ᠡᠳᠦᠷ |