ᠰᠢᠯᠭᠠᠯᠲᠠ ᠠᠴᠠ ᠡᠮᠣᠨ᠎ᠠ ᠣᠷᠣᠢ ᠨᠢ ᠤᠨᠳᠠᠬᠤ ᠦᠬᠡᠢ ᠲᠡᠪᠳᠡᠬᠤ ᠨᠢ ᠰᠠᠶᠢᠨ ᠤᠤ ᠡᠰᠡᠭᠦᠯ᠎ᠡ ᠰᠠᠶᠢᠠ | ᠤᠨᠳᠠᠵᠤ ᠠᠮᠠᠷᠠᠬᠤ ᠨᠢ ᠲᠠᠭᠠᠷᠠᠨ᠎ᠠ ᠤᠤ︖ ᠠᠮᠧᠷᠢᠺᠠ ᠶᠢᠨ ᠮᠢᠰᠢᠢᠤᠭᠦᠨ ᠶᠡᠭᠡ ᠰᠤᠷᠭᠠᠭᠤᠯᠢ ᠶᠢᠨ ᠰᠤᠳᠤᠯᠭᠠᠲᠠᠳ | ᠬᠤᠯᠤᠭᠠᠨ᠎ᠠ ᠳᠤ ᠲᠤᠷᠰᠢᠯᠲᠠ ᠬᠢᠬᠦ ᠪᠠᠷ ᠳᠠᠮᠵᠢᠨ ᠢᠯᠡᠷᠡᠬᠦᠯᠦᠭᠰᠡᠨ ᠨᠢ᠂ ᠨᠦᠢᠷ ᠬᠦᠷᠦᠯᠴᠡᠬᠦ ᠦᠭᠡᠢ ᠦᠶᠡᠰ᠂ | ᠤᠷᠲᠤ ᠬᠤᠭᠤᠴᠠᠭᠠᠨ ᠤ ᠴᠡᠭᠡᠵᠢᠯᠡᠬᠦᠢ ᠳᠤ ᠬᠤᠯᠪᠣᠭᠳᠠᠬᠤ ᠶᠡᠭᠡ ᠲᠠᠷᠢᠬᠢᠨ ᠤ ᠨᠢᠬᠡ ᠵᠦᠢᠯ ᠤᠨ ᠵᠠᠩᠭᠢᠯᠠᠭ᠎ᠠ ᠶᠢᠨ | ᠳᠣᠬᠢᠶ᠎ᠠ ᠨᠢ ᠪᠠᠭᠤᠷᠠᠵᠤ᠂ ᠨᠦᠢᠷ ᠬᠤᠯᠵᠢᠬᠰᠠᠨ ᠠᠴᠠ ᠪᠣᠯᠤᠭᠰᠠᠨ ᠤ ᠳᠠᠷᠠᠭᠠᠬᠢ ᠬᠡᠪ ᠤᠨ ᠤᠨᠲᠠᠯᠭ᠎ᠠ ᠨᠢ ᠴᠦ ᠡᠶᠢᠮᠦ | ᠳᠣᠬᠢᠶ᠎ᠠ ᠶᠢ ᠪᠦᠷᠢᠮᠦᠰᠦᠨ ᠰᠡᠷᠭᠦᠭᠡᠵᠦ ᠳᠡᠶᠢᠯᠬᠦ ᠦᠭᠡᠢ ᠪᠤᠯᠳᠠᠭ᠃ | ᠰᠤᠳᠤᠯᠭᠠᠨ ᠤ ᠳ᠋ᠦᠩ ᠨᠢ ᠤᠨᠲᠠᠯᠭ᠎ᠠ ᠶᠢᠨ ᠴᠡᠬᠡᠵᠢᠯᠡᠬᠦᠢ ᠶᠢᠨ ᠴᠢᠳᠡᠪᠦᠷᠢ ᠪᠦᠷᠢᠯᠳᠦᠬᠦ ᠶᠠᠪᠤᠴᠠ ᠳᠠᠬᠢ | ᠵᠠᠩᠭᠢᠯᠠᠭ᠎ᠠ ᠶᠢᠨ ᠦᠢᠯᠡᠳᠦᠯ ᠢ ᠲᠠᠶᠢᠯᠪᠤᠷᠢᠯᠠᠬᠤ ᠳᠤ ᠲᠤᠰᠠᠲᠠᠢ ᠪᠥᠭᠡᠳ ᠵᠣᠬᠢᠬᠤ ᠡᠮᠴᠢᠯᠡᠭᠡᠨ ᠤ ᠠᠷᠭ᠎ᠠ ᠶᠢ ᠡᠷᠢᠵᠤ | ᠤᠯᠬᠤ ᠳᠤ ᠰᠠᠭᠤᠷᠢ ᠶᠢ ᠲᠠᠯᠪᠢᠵᠤ ᠥᠭᠴᠡᠢ᠃ ᠶᠡᠭᠡ ᠲᠠᠷᠢᠬᠢᠨ ᠤ ᠮᠡᠳᠡᠷᠡᠯ ᠤᠨ ᠨᠢᠬᠡᠴᠢ ᠨᠢ ᠳᠡᠭᠡᠳᠦ ᠬᠡᠮᠵᠢᠶ᠎ᠡ ᠪᠠᠷ | ᠬᠠᠷᠢᠯᠴᠠᠨ ᠬᠤᠯᠪᠣᠯᠳᠤᠵᠤ᠂ ᠦᠷᠭᠦᠯᠵᠢ ᠵᠢᠮ᠎ᠡ ᠶᠣᠰᠣ ᠲᠠᠢ ᠪᠤᠶᠤ ᠳᠠᠪᠲᠠᠬᠤ ᠵᠠᠭᠪᠤᠷ ᠢᠶᠠᠷ ᠬᠠᠮᠲᠤ ᠪᠠᠷ ᠨᠢᠷᠬᠡᠯᠬᠡᠨ | ᠡᠬᠦᠰᠬᠡᠵᠤ᠂ ᠲᠡᠭᠦᠨ ᠤ ᠳᠣᠲᠣᠷᠠᠬᠢ ᠨᠢᠭᠡ ᠵᠦᠢᠯ ᠤᠨ ᠨᠢᠷᠬᠡᠯᠬᠡᠨ ᠡᠭᠦᠰᠬᠡᠬᠦ ᠵᠠᠭᠪᠤᠷ ᠢ ︽ᠱᠤᠪᠬᠤ ᠲᠤᠯᠬᠢᠶᠠᠨᠳᠤ | ᠢᠷᠡᠯᠵᠢ︾ ᠭᠡᠳᠡᠭ᠃ ᠲᠤᠰ ᠵᠠᠭᠪᠤᠷ ᠤᠨ ᠳᠣᠣᠷ᠎ᠠ᠂ ᠨᠢᠭᠡ ᠪᠦᠯᠦᠭ ᠮᠡᠳᠡᠷᠡᠯ ᠤᠨ ᠨᠢᠬᠡᠴᠢ ᠨᠢ ᠲᠦᠢᠯ ᠤᠨ ᠴᠢᠩᠭ᠎ᠠ | ᠠᠳᠠᠯᠢ ᠠᠯᠬᠤᠮᠲᠤ ᠴᠢᠨᠠᠷ ᠢᠶᠠᠷ ᠨᠢᠷᠬᠡᠯᠬᠡᠨ ᠡᠬᠦᠰᠬᠡᠵᠤ᠂ ᠳᠠᠷᠠᠭ᠎ᠠ ᠨᠢ ᠨᠥᠭᠦᠭᠡ ᠨᠢᠭᠡ ᠪᠦᠯᠦᠭ ᠮᠡᠳᠡᠷᠡᠯ ᠤᠨ | ᠨᠢᠬᠡᠴᠢ ᠨᠢ ᠲᠡᠭᠦᠨ ᠤ ᠲᠠᠷᠠᠭ᠎ᠠ ᠠᠳᠠᠯᠢ ᠠᠯᠬᠤᠮᠲᠤ ᠨᠢᠷᠬᠡᠯᠭᠡᠨ ᠡᠬᠦᠰᠬᠡᠬᠦ ᠪᠦᠬᠡᠳ ᠲᠡᠬᠢᠨ ᠲᠠᠪᠳᠠᠨ ᠣᠨᠴᠠᠭᠠᠢ | ᠠᠶᠢᠵᠠᠮ ᠴᠣᠬᠢᠯᠭ᠎ᠠ ᠶᠢ ᠪᠦᠷᠢᠯᠳᠦᠬᠦᠯᠳᠡᠭ᠃ ︽ᠱᠣᠪᠬᠤ ᠳᠣᠯᠭᠢᠶᠠᠨᠳᠤ ᠢᠷᠡᠯᠵᠢ︾ ᠨᠢ ᠦᠷᠬᠦᠯᠵᠢ ᠶᠡᠭᠡ | ᠲᠠᠷᠢᠬᠢᠨ ᠤ ᠴᠡᠬᠡᠵᠢᠯᠡᠬᠦᠢ ᠶᠢᠨ ᠴᠢᠳᠡᠪᠦᠷᠢ ᠪᠣᠯᠵᠤ ᠪᠦᠷᠢᠯᠳᠦᠬᠦ ᠵᠠᠩᠭᠢᠯᠠᠭ᠎ᠠ ᠶᠢᠨ ᠲᠣᠭᠤᠷᠢᠭ — ᠲᠠᠷᠢᠬᠢᠨ | ᠬᠦᠩᠬᠦᠷ ᠤᠨ ᠴᠣᠭᠴᠠ ᠳᠤ ᠡᠬᠦᠰᠴᠤ᠂ ᠤᠷᠲᠤ ᠬᠤᠭᠤᠴᠠᠭᠠᠨ ᠤ ᠴᠡᠬᠡᠵᠢᠯᠡᠪᠦᠷᠢ ᠠᠳᠡ ᠬᠠᠳᠠᠭᠠᠯᠠᠬᠳᠠᠨᠠ᠃ | ᠨᠦᠢᠷ ᠬᠤᠯᠵᠢᠬᠤ ᠨᠢ ᠴᠡᠭᠡᠵᠢᠯᠡᠬᠦ ᠴᠢᠳᠡᠪᠦᠷᠢ ᠶᠢ ᠨᠥᠯᠥᠭᠡᠯᠡᠬᠦ ᠬᠡᠮᠵᠢᠶ᠎ᠡ ᠶᠢ ᠴᠢᠨᠠᠭᠰᠢᠳᠠ ᠣᠶᠢᠯᠠᠭᠠᠬᠤ ᠶᠢᠨ | ᠲᠥᠯᠥᠭᠡ᠂ ᠮᠢᠰᠢᠢᠤᠭᠦᠨ ᠶᠡᠭᠡ ᠰᠤᠷᠭᠠᠭᠤᠯᠢ ᠶᠢᠨ ᠰᠤᠳᠤᠯᠭᠠᠲᠠᠳ 7 ᠬᠤᠯᠤᠭᠠᠨ᠎ᠠ ᠶᠢᠨ ᠬᠡᠳᠦᠨ ᠭᠠᠷᠠᠭ ᠤᠨ | ᠳᠣᠲᠣᠷ᠎ᠠ ᠲᠥᠭᠡᠷᠢᠯ ᠣᠷᠳᠣᠨ ᠳᠤ ᠲᠡᠨᠦᠬᠦᠴᠢᠯᠡᠬᠦ ᠦᠶ᠎ᠡ ᠶᠢᠨ ᠮᠡᠳᠡᠷᠡᠯ ᠤᠨ ᠨᠢᠬᠡᠴᠢ ᠶᠢᠨ ᠠᠵᠢᠯᠯᠠᠭ᠎ᠠ ᠶᠢ | ᠲᠡᠮᠳᠡᠭᠯᠡᠵᠦ᠂ ᠤᠨᠲᠠᠯᠭ᠎ᠠ ᠶᠢᠨ ᠬᠠᠷᠰᠢᠯᠠᠯ ᠲᠠᠢ ᠦᠶ᠎ᠠ ᠪᠠ ᠬᠡᠪ ᠤᠨ ᠤᠨᠲᠠᠯᠭ᠎ᠠ ᠶᠢᠨ ᠦᠶ᠎ᠠ ᠬᠡᠬᠦ ᠬᠤᠶᠠᠷ | ᠳᠤᠭᠤᠶᠢᠯᠠᠩ ᠬᠤᠪᠢᠶᠠᠵᠤ ᠲᠡᠮᠳᠡᠭᠯᠡᠪᠡ᠃ ᠰᠤᠳᠤᠯᠭᠠᠨ ᠳᠤ ᠢᠯᠡᠷᠡᠬᠦᠯᠦᠭᠰᠡᠨ ᠢᠶᠠᠷ᠂ ᠤᠨᠳᠠᠯᠭ᠎ᠠ ᠶᠢᠨ ᠬᠠᠷᠰᠢᠯᠠᠯ ᠲᠠᠢ | ᠲᠤᠷᠰᠢᠯᠲᠠ ᠶᠢᠨ ᠬᠤᠯᠤᠭᠠᠨ᠎ᠠ ᠶᠢᠨ ︽ᠱᠣᠪᠬᠤ ᠳᠣᠯᠭᠢᠶᠠᠨ ᠢᠷᠡᠯᠵᠢ︾ ᠶᠢᠨ ᠮᠡᠳᠡᠷᠡᠯ ᠤᠨ ᠨᠢᠭᠡᠴᠢ ᠶᠢᠨ | ᠡᠬᠦᠰᠬᠡᠭᠰᠡᠨ ᠳᠣᠬᠢᠶ᠎ᠠ ᠨᠢ ᠨᠡᠯᠢᠶᠡᠳ ᠪᠠᠭᠤᠷᠠᠢ ᠪᠥᠭᠡᠳ ᠵᠣᠬᠢᠶᠠᠨ ᠪᠠᠶᠢᠭᠤᠯᠤᠯᠲᠠ ᠶᠢᠨ ᠴᠢᠨᠠᠷ ᠨᠢ ᠨᠡᠯᠢᠶᠡᠳ ᠠᠨᠠᠢ | ᠪᠠᠶᠢᠵᠤ᠂ ᠮᠡᠳᠡᠷᠡᠯ ᠤᠨ ᠨᠢᠬᠡᠴᠢ ᠶᠢᠨ ᠨᠢᠷᠬᠡᠯᠬᠡᠨ ᠡᠬᠦᠰᠬᠡᠬᠦ ᠵᠠᠭᠪᠤᠷ ᠨᠢ ᠢᠯᠡᠳᠲᠠ ᠳᠣᠷᠣᠭᠰᠢᠯᠠᠵᠤ᠂ ᠳᠠᠷᠤᠢ ︽ | ᠥᠩᠭᠡᠷᠡᠭᠰᠡᠨ ᠢ ᠲᠡᠬᠢᠨ ᠢᠯᠡᠷᠡᠬᠦᠯᠬᠦ︾ ᠴᠢᠳᠠᠪᠤᠷᠢ ᠨᠢ ᠬᠤᠷᠢᠭᠯᠠᠭᠳᠠᠪᠠ᠃ ᠡᠳᠡᠭᠡᠷ ᠲᠤᠷᠰᠢᠯᠲᠠ ᠶᠢᠨ ᠬᠤᠯᠤᠭᠠᠨ᠎ᠠ | ᠬᠡᠪ ᠤᠨ ᠪᠠᠶᠢᠳᠠᠯ ᠳᠠᠭᠠᠨ ᠣᠷᠣᠭᠰᠠᠨ ᠤ ᠳᠠᠷᠠᠭ᠎ᠠ᠂ ᠡᠶᠢᠮᠦᠷᠬᠦᠦ ᠳᠣᠬᠢᠶᠠᠨ ᠤ ᠬᠢᠷᠢ ᠲᠦᠪᠰᠢᠨ ᠨᠢ ᠬᠡᠳᠦ᠋ᠢᠪᠡᠷ | ᠰᠡᠷᠭᠦᠭᠰᠡᠨ ᠪᠣᠯᠪᠠᠴᠤ ᠬᠡᠪ ᠤᠨ ᠤᠨᠳᠠᠯᠭ᠎ᠠ ᠲᠠᠢ ᠬᠤᠯᠤᠭᠠᠨ᠎ᠠ ᠶᠢᠨ ᠬᠢᠷᠢ ᠲᠦᠪᠰᠢᠨ ᠳᠤ ᠬᠦᠷᠴᠦ ᠳᠡᠶᠢᠯᠬᠦ ᠦᠭᠡᠢ | ᠪᠤᠯᠵᠠᠢ᠃ | ᠰᠤᠳᠤᠯᠭᠠᠳᠠᠳ᠂ ᠡᠨᠡ ᠨᠢ ᠣᠢ ᠴᠡᠭᠡᠵᠢᠯᠡᠪᠦᠷᠢ ᠨᠢ ᠲᠠᠰᠤᠷᠠᠯᠳᠠ ᠦᠬᠡᠢ ᠬᠤᠶᠢᠨᠡᠬᠢ ᠬᠤᠭᠤᠴᠠᠭᠠᠨ ᠤ | ᠰᠶᠢᠳᠪᠦᠷᠢᠯᠡᠯᠳᠡ ᠶᠢ ᠦᠩᠬᠡᠷᠡᠬᠡᠨ᠎ᠡ᠂ ᠡᠶᠢᠮᠦᠷᠬᠦᠦ ᠬᠤᠶᠢᠨᠡᠬᠢ ᠬᠤᠭᠤᠴᠠᠭᠠᠨ ᠤ ᠰᠶᠢᠳᠪᠦᠷᠢᠯᠡᠯᠲᠡ ᠶᠢ | ᠥᠩᠬᠡᠷᠡᠭᠡᠬᠦ ᠨᠢ ᠮᠠᠰᠢ ᠴᠢᠬᠤᠯᠠ᠂ ᠡᠶᠢᠮᠦ ᠠᠴᠠ ᠰᠢᠯᠭᠠᠯᠲᠠ ᠠᠴᠠ ᠡᠮᠦᠨ᠎ᠡ ᠤᠨᠳᠠᠬᠤ ᠦᠬᠡᠢ ᠲᠠᠪᠳᠠᠬᠤ ᠨᠢ ᠨᠢᠭᠡ | ᠵᠦᠢᠯ ᠤᠨ ᠦᠷ᠎ᠠ ᠪᠦᠳᠦᠮᠵᠢ ᠦᠬᠡᠢ ᠠᠷᠭ᠎ᠠ ᠪᠣᠳᠣᠯᠭ᠎ᠠ ᠪᠣᠯᠤᠨ᠎ᠠ ᠬᠡᠵᠦ ᠢᠯᠡᠳᠭᠡᠪᠡ᠃ ᠬᠤᠯᠪᠣᠭᠳᠠᠯ ᠪᠦᠬᠦᠢ | ᠰᠤᠳᠤᠯᠭᠠᠨ ᠤ ᠳ᠋ᠦᠩ ᠨᠢ ᠠᠩᠭ᠍ᠯᠢ ᠶᠢᠨ ︽ᠪᠠᠶᠢᠭᠠᠯᠢ︾ ᠰᠡᠳᠬᠦᠯ ᠳᠡᠭᠡᠷ᠎ᠡ ᠨᠡᠶᠢᠲᠡᠯᠡᠭᠳᠡᠪᠡ᠃ |