【ᠠᠵᠢᠯᠯᠠᠭᠠᠨ ᠤ ᠡᠷᠢᠨ】 ᠲᠢᠶᠠᠨ ᠱᠢ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠳᠡᠭᠡᠳᠦ ᠲᠠᠰ ᠤᠨ ᠬᠤᠪᠣᠷ ᠰᠢᠷᠣᠶ ᠶᠢᠨ ᠦᠨᠳᠦᠰᠦᠨ ᠨᠡᠶᠢᠯᠡᠮᠡᠯ ᠴᠢᠳᠠᠮᠵᠢ ᠶᠢᠨ ᠮᠠᠲ᠋ᠧᠷᠢᠶᠠᠯ ᠤᠨ ᠲᠥᠷᠥᠯ ᠵᠦᠢᠯ ᠣᠶᠢᠷ᠎ᠠ ᠳᠤ ᠠᠵᠢᠯ ᠡᠬᠢᠯᠡᠭᠦᠯᠪᠡ
ᠨᠡᠶᠢᠲᠡᠯᠡᠭᠰᠡᠨ ᠴᠠᠭ᠄
2025/3/27
      ᠴᠣᠬᠤᠯᠠᠪᠤᠷᠢ᠄ 2 ᠰᠠᠷ᠎ᠠ ᠶᠢᠨ 11 ᠤ ᠡᠳᠦᠷ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠨ ᠠᠬᠢᠭᠤᠯᠬᠤ ᠬᠤᠷᠠᠯ ᠬᠤᠷᠠᠯᠳᠤᠭᠰᠠᠨ ᠤ ᠳᠠᠷᠠᠭ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠵᠠᠷᠯᠢᠭ ᠰᠣᠨᠣᠰᠤᠭᠰᠠᠭᠠᠷ ᠬᠥᠳᠡᠯᠦᠯᠴᠡᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠂ ︽ᠡᠬᠢᠯᠡᠯᠲᠡ ᠶᠢᠨ ᠬᠤᠷᠳᠤᠴᠠ ᠪᠠᠨ ᠲᠦᠷᠭᠡᠳᠬᠡᠵᠦ᠂ ᠡᠬᠢᠯᠡᠯᠲᠡ ᠶᠢᠨ ᠬᠤᠷᠳᠤᠴᠠ ᠪᠠᠨ ᠰᠢᠢᠳᠪᠦᠷᠢᠲᠦ ᠪᠠᠶᠢᠯᠳᠤᠭᠠᠨ ᠬᠢᠬᠦ︾ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ᠂ ᠨᠢᠭᠡ ᠲᠥᠷᠥᠯ ᠵᠦᠢᠯ ᠨᠢᠭᠡ ᠲᠥᠷᠥᠯ ᠵᠦᠢᠯ ᠢᠶᠠᠷ ︽ᠬᠠᠪᠤᠷ︾ ᠤᠨ ᠬᠤᠷᠳᠤᠴᠠ ᠶᠢ ᠲᠦᠷᠭᠡᠳᠬᠡᠵᠦ᠂ ︽ᠮᠣᠭᠠᠢ︾ ᠵᠢᠯ ᠢ ᠠᠮᠵᠢᠨ ᠣᠷᠣᠭᠰᠢᠯᠠᠵᠣ᠂ ᠡᠨᠡ ᠵᠢᠯ ᠤᠨ ᠰᠢᠨ᠎ᠡ ᠪᠠᠷ ᠪᠠᠶᠢᠭᠤᠯᠤᠭᠰᠠᠨ 47 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠵᠦᠢᠯ ᠤᠨ ᠨᠢᠭᠡᠳᠦᠭᠡᠷ ᠤᠯᠠᠷᠢᠯ ᠳᠤ 24 ᠲᠥᠷᠥᠯ ᠵᠦᠢᠯ ᠤᠨ ᠠᠵᠢᠯ ᠡᠬᠢᠯᠡᠭᠦᠯᠵᠦ᠂ ᠦᠯᠡᠳᠡᠭᠰᠡᠨ 4 ᠰᠠᠷ᠎ᠠ ᠳᠤ ᠠᠵᠢᠯ ᠡᠬᠢᠯᠡᠭᠦᠯᠬᠦ ᠶᠢ ᠯᠠᠪᠲᠠᠢ ᠪᠠᠳᠣᠯᠠᠬᠤ ᠪᠠᠷ ᠮᠡᠷᠡᠶᠢᠵᠣ ᠪᠣᠢ᠃       ᠶᠡᠷᠦᠩᠬᠡᠢ ᠪᠡᠯᠡ ᠣᠷᠣᠭᠤᠯᠤᠯᠲᠠ ᠨᠢ 3500 ᠲᠦᠮᠡᠨ ᠲᠥᠭᠦᠷᠢᠭ᠃       ᠪᠦᠲᠦᠭᠡᠨ ᠪᠠᠶᠢᠭᠤᠯᠬᠤ ᠠᠭᠤᠯᠭ᠎ᠠ᠄ ᠬᠤᠪᠣᠷ ᠰᠢᠷᠣᠶ ᠶᠢᠨ ᠦᠨᠳᠦᠰᠦᠨ ᠨᠡᠶᠢᠯᠡᠮᠡᠯ ᠴᠢᠳᠠᠮᠵᠢᠲᠤ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ᠂ ᠼᠧᠷᠢ ᠶᠢᠨ ᠢᠰᠦᠯᠳᠦᠭᠰᠡᠨ ᠦᠢᠯᠡᠳᠪᠦᠷᠢᠯᠡᠯ ᠤᠨ ᠱᠤᠭᠤᠮ ᠵᠢᠴᠢ ᠠᠯᠪᠠᠨ ᠪᠠ ᠲᠤᠰᠠᠯᠠᠬᠤ ᠪᠡᠯᠡᠳᠬᠡᠮᠵᠢ ᠶᠢ ᠰᠢᠨ᠎ᠡ ᠪᠠᠷ ᠪᠠᠶᠢᠭᠤᠯᠤᠨ᠎ᠠ᠃     ᠲᠡᠷᠢᠭᠦᠨ ᠤ ᠴᠢᠨᠠᠷ ᠲᠠᠢ᠄ ᠲᠥᠷᠥᠯ ᠵᠦᠢᠯ ᠳᠤ ᠠᠵᠢᠯ ᠲᠥᠷᠥᠯ ᠢᠶᠠᠷ ᠲᠦᠷᠦᠭᠦᠯᠡᠭᠰᠡᠨ ᠬᠤᠪᠣᠷ ᠰᠢᠷᠣᠶ ᠶᠢᠨ ᠦᠨᠳᠦᠰᠦᠨ ᠨᠡᠶᠢᠯᠡᠮᠡᠯ ᠴᠢᠳᠠᠮᠵᠢᠲᠦ ᠮᠠᠲ᠋ᠧᠷᠢᠶᠠᠯ ᠦᠢᠯᠡᠳᠪᠦᠷᠢᠯᠡᠬᠦ ᠤᠷᠠᠨ ᠠᠷᠭ᠎ᠠ ᠶᠢ ᠬᠡᠷᠡᠭᠯᠡᠵᠦ᠂ ᠦᠢᠯᠡᠳᠪᠦᠷᠢᠯᠡᠭᠰᠡᠨ ᠬᠤᠪᠣᠷ ᠰᠢᠷᠣᠶ ᠶᠢᠨ ᠦᠨᠳᠦᠰᠦᠨ ᠨᠡᠶᠢᠯᠡᠮᠡᠯ ᠴᠢᠳᠠᠮᠵᠢᠲᠦ ᠮᠠᠲ᠋ᠧᠷᠢᠶᠠᠯ ᠵᠢᠴᠢ ᠬᠤᠪᠣᠷ ᠰᠢᠷᠣᠶ ᠶᠢᠨ ᠢᠰᠦᠯᠳᠦᠭᠰᠡᠨ ᠪᠣᠳᠠᠰ ᠤᠨ ᠦᠢᠯᠡᠳᠬᠦᠨ ᠪᠣᠯ ᠬᠤᠪᠣᠷ ᠰᠢᠷᠣᠶ ᠶᠢᠨ ᠴᠢᠳᠠᠮᠵᠢᠲᠦ ᠮᠠᠲ᠋ᠧᠷᠢᠶᠠᠯ ᠤᠨ ᠬᠦᠷᠢᠶᠡᠨ ᠳᠠᠬᠢ ᠳᠡᠭᠡᠳᠦ ᠲᠠᠰ ᠤᠨ ᠦᠢᠯᠡᠳᠬᠦᠨ ᠪᠣᠯᠬᠤᠷ᠂ ᠨᠡᠯᠢᠶᠡᠳ ᠥᠨᠳᠥᠷ ᠦᠢᠯᠡᠳᠬᠦᠨ ᠤ ᠨᠡᠮᠡᠯᠲᠡ ᠥᠷᠲᠡᠭ ᠲᠠᠢ ᠶᠤᠮ᠃       ᠲᠤᠰ ᠲᠥᠷᠥᠯ ᠵᠦᠢᠯ ᠢ 3 ᠰᠠᠷ᠎ᠠ ᠶᠢᠨ 15 ᠤ ᠡᠳᠦᠷ ᠨᠢᠭᠡᠨᠲᠡ ᠡᠬᠢᠯᠡᠭᠦᠯᠪᠡ᠃       ᠥᠪᠥᠷ ᠮᠣᠩᠭᠤᠯ ᠤᠨ ᠲᠢᠶᠠᠨ ᠱᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ 2024 ᠣᠨ ᠤ 7 ᠰᠠᠷ᠎ᠠ ᠳᠤ ᠪᠠᠶᠢᠭᠤᠯᠤᠭᠳᠠᠵᠤ᠂ ᠰᠢᠨ᠎ᠡ ᠬᠡᠯᠪᠡᠷᠢ ᠶᠢᠨ ᠬᠤᠪᠣᠷ ᠰᠢᠷᠣᠢ ᠶᠢᠨ ᠴᠢᠳᠠᠮᠵᠢ ᠶᠢᠨ ᠮᠠᠲ᠋ᠧᠷᠢᠶᠠᠯ ᠵᠢᠴᠢ ᠬᠤᠪᠣᠷ ᠰᠢᠷᠣᠢ ᠶᠢᠨ ᠨᠢᠭᠡᠳᠪᠦᠷᠢ ᠦᠢᠯᠡᠳᠪᠦᠷᠢᠯᠡᠯ ᠪᠣᠯᠤᠨ ᠰᠤᠳᠤᠯᠤᠨ ᠨᠡᠭᠡᠭᠡᠬᠦ ᠠᠵᠤ ᠠᠬᠤᠶᠢᠯᠠᠯ ᠪᠣᠯᠵᠠᠢ᠃ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠤᠨ ᠬᠤᠪᠣᠷ ᠰᠢᠷᠣᠶ ᠶᠢᠨ ᠴᠢᠳᠠᠮᠵᠢ ᠶᠢᠨ ᠮᠠᠲ᠋ᠧᠷᠢᠶᠠᠯ ᠤᠨ ᠬᠡᠷᠡᠭᠴᠡᠭᠡ ᠤᠯᠠᠮ ᠢᠶᠠᠷ ᠨᠡᠮᠡᠭᠳᠡᠬᠦ ᠶᠢ ᠳᠠᠭᠠᠯᠳᠤᠨ᠂ ᠲᠣᠰ ᠲᠥᠷᠥᠯ ᠵᠦᠢᠯ ᠨᠢ ᠬᠤᠪᠣᠷ ᠰᠢᠷᠣᠶ ᠶᠢᠨ ᠴᠢᠳᠠᠮᠵᠢ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠳᠤᠤᠷᠠᠳᠤ ᠤᠷᠤᠰᠬᠠᠯ ᠳᠠᠰᠢ ᠤᠷᠲᠤᠳᠬᠠᠬᠤ ᠳᠤ ᠪᠦᠲᠦᠮᠵᠢᠲᠡᠶ ᠬᠦᠴᠦᠨ ᠨᠡᠮᠡᠷᠢᠯᠡᠵᠦ᠂ ᠥᠷᠲᠡᠭ ᠤᠨ ᠬᠡᠯᠬᠢᠶ᠎ᠡ ᠶᠢ ᠳᠡᠭᠡᠳᠦ ᠳᠡᠰ ᠳᠠᠰᠢ ᠳᠡᠭᠡᠭᠰᠢᠯᠡᠭᠦᠯᠦᠨ᠎ᠡ᠃   ᠲᠢᠶᠠᠨ ᠱᠢ ᠰᠢᠨᠵᠢᠯᠡᠭᠡ ᠮᠡᠷᠭᠡᠵᠢᠯ ᠤᠨ ᠺᠣᠮᠫᠠᠨᠢ ᠶᠢᠨ ᠳᠡᠭᠡᠳᠦ ᠳᠡᠰ ᠤᠨ ᠬᠤᠪᠣᠷ  ᠰᠢᠷᠤᠢ  ᠶᠢᠨ ᠦᠨᠳᠦᠰᠦᠨ ᠨᠡᠢᠯᠡᠮᠡᠯ ᠴᠢᠳᠠᠪᠬᠢ ᠶᠢᠨ ᠮᠠᠲ᠋ᠧᠷᠢᠶᠠᠯ ᠤᠨ ᠲᠥᠷᠥᠯ ᠵᠦᠢᠯ ᠵᠢᠱᠢᠯᠲᠡ ᠪᠠᠷ 10 ᠰᠠᠷ᠎ᠠ ᠳᠤ ᠪᠦᠬᠦ ᠲᠠᠯ᠎ᠠ ᠪᠠᠷ  ᠠᠰᠢᠭᠯᠠᠯᠲᠠ ᠳᠤ ᠣᠷᠣᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号