ᠴᠣᠬᠤᠯᠠᠪᠤᠷᠢ᠄ 2 ᠰᠠᠷ᠎ᠠ ᠶᠢᠨ 11 ᠤ ᠡᠳᠦᠷ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠪᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠨ ᠠᠬᠢᠭᠤᠯᠬᠤ | ᠬᠤᠷᠠᠯ ᠬᠤᠷᠠᠯᠳᠤᠭᠰᠠᠨ ᠤ ᠳᠠᠷᠠᠭ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠵᠠᠷᠯᠢᠭ | ᠰᠣᠨᠣᠰᠤᠭᠰᠠᠭᠠᠷ ᠬᠥᠳᠡᠯᠦᠯᠴᠡᠵᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠂ ︽ᠡᠬᠢᠯᠡᠯᠲᠡ ᠶᠢᠨ | ᠬᠤᠷᠳᠤᠴᠠ ᠪᠠᠨ ᠲᠦᠷᠭᠡᠳᠬᠡᠵᠦ᠂ ᠡᠬᠢᠯᠡᠯᠲᠡ ᠶᠢᠨ ᠬᠤᠷᠳᠤᠴᠠ ᠪᠠᠨ ᠰᠢᠢᠳᠪᠦᠷᠢᠲᠦ ᠪᠠᠶᠢᠯᠳᠤᠭᠠᠨ ᠬᠢᠬᠦ︾ ᠴᠤᠭ | ᠪᠠᠳᠠᠷᠠᠩᠭᠤᠢ ᠲᠡᠮᠡᠴᠡᠯ ᠤᠨ ᠵᠣᠷᠢᠭ ᠢᠶᠠᠷ᠂ ᠨᠢᠭᠡ ᠲᠥᠷᠥᠯ ᠵᠦᠢᠯ ᠨᠢᠭᠡ ᠲᠥᠷᠥᠯ ᠵᠦᠢᠯ ᠢᠶᠠᠷ ︽ᠬᠠᠪᠤᠷ︾ ᠤᠨ | ᠬᠤᠷᠳᠤᠴᠠ ᠶᠢ ᠲᠦᠷᠭᠡᠳᠬᠡᠵᠦ᠂ ︽ᠮᠣᠭᠠᠢ︾ ᠵᠢᠯ ᠢ ᠠᠮᠵᠢᠨ ᠣᠷᠣᠭᠰᠢᠯᠠᠵᠣ᠂ ᠡᠨᠡ ᠵᠢᠯ ᠤᠨ ᠰᠢᠨ᠎ᠡ ᠪᠠᠷ | ᠪᠠᠶᠢᠭᠤᠯᠤᠭᠰᠠᠨ 47 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠵᠦᠢᠯ ᠤᠨ | ᠨᠢᠭᠡᠳᠦᠭᠡᠷ ᠤᠯᠠᠷᠢᠯ ᠳᠤ 24 ᠲᠥᠷᠥᠯ ᠵᠦᠢᠯ ᠤᠨ ᠠᠵᠢᠯ ᠡᠬᠢᠯᠡᠭᠦᠯᠵᠦ᠂ ᠦᠯᠡᠳᠡᠭᠰᠡᠨ 4 ᠰᠠᠷ᠎ᠠ ᠳᠤ ᠠᠵᠢᠯ | ᠡᠬᠢᠯᠡᠭᠦᠯᠬᠦ ᠶᠢ ᠯᠠᠪᠲᠠᠢ ᠪᠠᠳᠣᠯᠠᠬᠤ ᠪᠠᠷ ᠮᠡᠷᠡᠶᠢᠵᠣ ᠪᠣᠢ᠃ | ᠶᠡᠷᠦᠩᠬᠡᠢ ᠪᠡᠯᠡ ᠣᠷᠣᠭᠤᠯᠤᠯᠲᠠ᠄ 2 ᠳ᠋ᠦᠩᠰᠢᠭᠤᠷ ᠲᠥᠭᠦᠷᠢᠭ | ᠪᠥᠲᠥᠭᠡᠨ ᠪᠠᠶᠢᠭᠤᠯᠤᠯᠲᠠ ᠶᠢᠨ ᠠᠭᠤᠯᠭ᠎ᠠ᠄ ᠵᠢᠯ ᠳᠤ 2 ᠲᠦᠮᠡᠨ ᠲᠣᠨ ᠬᠡᠲᠦ ᠥᠨᠳᠥᠷ ᠴᠡᠪᠡᠷ ᠥᠭᠡᠬᠦᠨ | ᠴᠢᠯᠠᠭᠤᠨ ᠡᠯᠡᠰᠦᠨ ᠤ ᠦᠢᠯᠡᠳᠪᠦᠷᠢᠯᠡᠯ ᠤᠨ ᠱᠤᠭᠤᠮ ᠪᠠ 15 ᠲᠦᠮᠡᠨ ᠥᠭᠡᠬᠦᠨ ᠴᠢᠯᠠᠭᠤᠨ ᠬᠠᠶᠢᠯᠣᠭᠤᠷ ᠤᠨ | ᠦᠢᠯᠡᠳᠪᠦᠷᠢᠯᠡᠯ ᠤᠨ ᠱᠤᠭᠤᠮ ᠵᠢᠴᠢ ᠢᠵᠢ ᠪᠥᠷᠢᠳᠦᠭᠰᠡᠨ ᠠᠯᠪᠠᠨ ᠪᠠ ᠲᠤᠰᠠᠯᠠᠬᠤ ᠲᠥᠬᠦᠭᠡᠷᠦᠮᠵᠢ ᠶᠢ ᠰᠢᠨ᠎ᠡ ᠪᠠᠷ | ᠪᠠᠶᠢᠭᠤᠯᠤᠨ᠎ᠠ᠃ | ᠲᠡᠷᠢᠭᠦᠨ ᠤ ᠴᠢᠨᠠᠷ᠄ ᠲᠣᠰ ᠲᠥᠷᠥᠯ ᠵᠦᠢᠯ ᠨᠢ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠰᠢᠨ᠎ᠡ | ᠬᠡᠯᠪᠡᠷᠢ ᠶᠢᠨ ᠴᠡᠪᠡᠷᠰᠢᠭᠦᠯᠬᠦ ᠮᠡᠷᠭᠡᠵᠢᠯ ᠢ ᠬᠡᠷᠡᠭᠯᠡᠵᠦ᠂ ᠥᠭᠡᠬᠦᠨ ᠴᠢᠯᠠᠭᠤᠨ ᠡᠯᠡᠰᠦᠨ ᠤ ᠴᠡᠪᠡᠷᠴᠡ ᠶᠢᠨ ᠬᠡᠮᠵᠢᠶ᠎ᠡ | 99.9% ᠪᠠᠶᠢᠭᠰᠠᠨ ᠠᠴᠠ ᠪᠠᠨ 99.999% ᠠᠴᠠ ᠳᠡᠭᠡᠭᠰᠢ ᠪᠣᠯᠵᠣ ᠨᠡᠮᠡᠭᠳᠡᠨ᠂ ᠡᠯᠧᠺᠲᠷᠤᠨ ᠲᠠᠰ ᠪᠠ | ᠬᠠᠶᠢᠯᠣᠭᠤᠷ ᠤᠨ ᠲᠠᠰ ᠤᠨ ᠥᠭᠡᠬᠦᠨ ᠴᠢᠯᠠᠭᠤᠨ ᠡᠯᠡᠰᠦᠨ ᠮᠡᠷᠭᠡᠵᠢᠯ ᠤᠨ ᠱᠠᠭᠠᠷᠳᠠᠯᠭ᠎ᠠ ᠳᠤ ᠬᠦᠷᠴᠦ᠂ ᠡᠯᠧᠺᠲᠷᠤᠨ | ᠴᠢᠫ ᠪᠠ ᠬᠡᠷᠡᠯ ᠴᠡᠨᠡᠭ ᠤᠨ ᠠᠵᠤ ᠦᠢᠯᠡᠰ ᠲᠤ ᠴᠢᠨᠠᠷ ᠰᠠᠶᠢᠲᠠᠶ ᠲᠦᠭᠦᠬᠡᠶ ᠮᠠᠲ᠋ᠧᠷᠢᠶᠠᠯ ᠤᠨ ᠪᠠᠲᠤᠯᠠᠭ᠎ᠠ ᠬᠠᠩᠭᠠᠪᠠ | ᠃ | ᠲᠤᠰ ᠲᠥᠷᠥᠯ ᠵᠦᠢᠯ 3 ᠰᠠᠷ᠎ᠠ ᠶᠢᠨ 25 ᠤ ᠡᠳᠦᠷ ᠨᠢᠭᠡᠨᠲᠡ ᠠᠵᠢᠯ ᠢᠶᠠᠨ ᠡᠬᠢᠯᠡᠭᠦᠯᠪᠡ᠃ | ᠬᠤᠸᠠ ᠭᠦᠢ ︵ᠥᠪᠥᠷ ᠮᠣᠩᠭᠤᠯ︶ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ 2024 ᠣᠨ ᠤ 1 ᠰᠠᠷ᠎ᠠ ᠳᠤ ᠪᠠᠶᠢᠭᠤᠯᠤᠭᠳᠠᠵᠤ᠂ ᠭᠤᠣᠯᠳᠠᠭᠤ ᠬᠡᠲᠦ ᠴᠡᠪᠡᠷ ᠥᠭᠡᠬᠦᠨ | ᠴᠢᠯᠠᠭᠤᠨ ᠬᠠᠶᠢᠷ ᠢ ᠰᠤᠳᠤᠯᠤᠨ ᠨᠡᠭᠡᠭᠡᠬᠦ ᠪᠠ ᠦᠢᠯᠡᠳᠪᠦᠷᠢᠯᠡᠨ᠎ᠡ᠃ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ | ᠥᠨᠳᠥᠷ ᠴᠡᠪᠡᠷ ᠥᠭᠡᠬᠦᠨ ᠴᠢᠯᠠᠭᠤᠨ ᠡᠯᠡᠰᠦ ᠶᠢ ᠴᠡᠪᠡᠷᠰᠢᠭᠦᠯᠬᠦ ᠮᠡᠷᠭᠡᠵᠢᠯ ᠳᠤ ᠲᠦᠰᠢᠭᠯᠡᠨ᠂ ᠥᠨᠳᠥᠷ ᠴᠡᠪᠡᠷ | ᠥᠭᠡᠬᠦᠨ ᠴᠢᠯᠠᠭᠤᠨ ᠮᠠᠲ᠋ᠧᠷᠢᠶᠠᠯ ᠤᠨ ᠮᠡᠷᠭᠡᠵᠢᠯ ᠤᠨ ᠪᠠᠬᠢᠯᠡᠯᠲᠡ ᠶᠢ ᠡᠪᠳᠡᠵᠦ᠂ ᠭᠠᠳᠠᠭᠠᠳᠤ ᠠᠴᠠ ᠣᠷᠣᠭᠤᠯᠬᠤ ᠳᠤ | ᠲᠦᠰᠢᠭᠯᠡᠭᠰᠡᠨ ᠥᠨᠳᠥᠷ ᠴᠡᠪᠡᠷ ᠥᠭᠡᠬᠦᠨ ᠴᠢᠯᠠᠭᠤᠨ ᠮᠠᠲ᠋ᠧᠷᠢᠶᠠᠯ ᠪᠣᠯᠬᠤ ᠪᠠᠶᠢᠳᠠᠯ ᠢ ᠬᠤᠪᠢᠷᠠᠭᠤᠯᠵᠤ᠂ | ᠪᠦᠲᠦᠭᠡᠭᠳᠡᠬᠦᠨ ᠨᠢ ᠨᠡᠯᠢᠶᠡᠳ ᠴᠢᠩᠭ᠎ᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠲᠠᠢ᠂ ᠵᠠᠬ᠎ᠠ ᠳᠡᠯᠭᠡᠭᠦᠷ ᠤᠨ | ᠬᠡᠲᠦ ᠶᠢᠨ ᠲᠥᠯᠥᠪ ᠥᠷᠭᠡᠨ ᠠᠭᠤᠳᠠᠮ ᠪᠠᠶᠢᠨ᠎ᠠ᠃ ᠬᠤᠸᠠ ᠭᠦᠢ ᠤᠨ ᠰᠢᠨ᠎ᠡ ᠮᠠᠲ᠋ᠧᠷᠢᠶᠠᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠺᠣᠮᠫᠠᠨᠢ ᠶᠢᠨ ᠬᠡᠲᠦ ᠥᠨᠳᠥᠷ ᠴᠡᠪᠡᠷ ᠥᠭᠡᠬᠦᠨ ᠴᠢᠯᠠᠭᠤᠨ ᠬᠠᠶᠢᠷ᠂ ᠥᠭᠡᠬᠦᠨ ᠴᠢᠯᠠᠭᠤᠨ | ᠬᠠᠶᠢᠯᠣᠭᠤᠷ ᠤᠨ ᠲᠥᠷᠥᠯ ᠵᠦᠢᠯ ᠵᠢᠱᠢᠯᠲᠡ ᠪᠠᠷ 6 ᠳ᠋ᠤᠭᠠᠷ ᠰᠠᠷ᠎ᠠ ᠳᠤ ᠠᠰᠢᠭᠯᠠᠯᠲᠠ ᠳᠤ ᠣᠷᠣᠬᠤ ᠪᠣᠯᠤᠨ᠎ᠠ᠃ | |