ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ᠂ | ᠡᠯ᠎ᠡ ᠬᠠᠮᠢᠶ᠎ᠠ ᠪᠦᠬᠦᠢ ᠨᠢᠭᠡᠴᠡ᠄ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠳᠠᠷᠤᠮᠠᠯᠯᠠᠨ | ᠲᠠᠷᠬᠠᠭᠠᠭᠰᠠᠨ ︽2025 ᠣᠨ ᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ︵ᠪᠦᠰᠡᠯᠡᠯᠲᠡ ᠶᠢ ᠰᠢᠪᠲᠤᠯᠬᠤ︶︾ ᠢᠨᠵᠧᠨᠧᠷᠢᠩ ᠤᠨ ︽ᠲᠤᠩᠬᠠᠭ ᠨᠡᠶᠢᠲᠡᠯᠡᠨ ᠮᠠᠩᠯᠠᠶᠢᠯᠠᠭᠤᠯᠬᠤ︾ ᠲᠥᠷᠥᠯ | ᠵᠦᠢᠯ ᠤᠨ ᠮᠡᠷᠭᠡᠵᠢᠯ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠲᠤᠬᠠᠶ ᠮᠡᠳᠡᠭᠳᠡᠯ︾ ᠢ ᠦᠨᠳᠦᠰᠦᠯᠡᠨ᠂ | ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ︽︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ︿ᠪᠦᠰᠡᠯᠡᠯᠲᠡ ᠶᠢ ᠰᠢᠪᠲᠤᠯᠬᠤ﹀ | ᠢᠨᠵᠧᠨᠧᠷᠢᠩ ᠤᠨ ︽ᠲᠤᠩᠬᠠᠭ ᠨᠡᠶᠢᠲᠡᠯᠡᠨ ᠮᠠᠩᠯᠠᠶᠢᠯᠠᠭᠤᠯᠬᠤ︾ ᠲᠥᠷᠥᠯ ᠵᠦᠢᠯ ᠤᠨ ᠮᠡᠷᠭᠡᠵᠢᠯ ᠤᠨ ᠨᠡᠷᠡᠰ ᠤᠨ | ᠵᠢᠭᠰᠠᠭᠠᠯᠲᠠ ᠶᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ ᠤᠨ ᠮᠡᠳᠡᠭᠳᠡᠯ﹀ ᠢ ᠤᠯᠠᠮᠵᠢᠯᠠᠨ ᠶᠠᠪᠤᠭᠤᠯᠬᠤ ᠲᠤᠬᠠᠶ ᠮᠡᠳᠡᠭᠳᠡᠯ︾ ᠤᠨ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠮᠠᠨ ᠤ ᠲᠣᠪᠴᠢᠶ᠎ᠠ ᠣᠲᠣ ᠪᠥᠬᠦ ᠣᠷᠣᠨ ᠳᠤ 2025 | ᠣᠨ ᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ | ᠢᠨᠵᠧᠨᠧᠷᠢᠩ ᠤᠨ ︽ᠮᠠᠩᠯᠠᠶᠢᠯᠠᠭᠴᠢ︾ ᠲᠥᠷᠥᠯ ᠵᠦᠢᠯ ᠤᠨ ᠮᠡᠷᠭᠡᠵᠢᠯ ᠤᠨ ᠨᠡᠷᠡᠰ ᠤᠨ ᠵᠢᠭᠰᠠᠭᠠᠯᠲᠠ ᠶᠢ | ᠨᠡᠶᠢᠲᠡᠯᠡᠪᠡ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠨᠡᠷᠡᠰ ᠤᠨ ᠵᠢᠭᠰᠠᠭᠠᠯᠲᠠ ᠶᠢᠨ ᠨᠥᠬᠦᠴᠡᠯ | 1. ᠨᠡᠷᠡᠰ ᠤᠨ ᠵᠢᠭᠰᠠᠭᠠᠯᠲᠠ ᠶᠢᠨ ᠱᠠᠭᠠᠷᠳᠠᠯᠭ᠎ᠠ ᠳᠤ ᠴᠢᠭᠯᠡᠭᠦᠯᠦᠨ ᠵᠠᠩᠭᠢᠯᠠᠭ᠎ᠠ ᠶᠢᠨ ᠮᠡᠷᠭᠡᠵᠢᠯ ᠢ ᠪᠣᠳᠠᠲᠠᠶ | ᠰᠢᠢᠳᠪᠦᠷᠢᠯᠡᠬᠦ ᠬᠡᠷᠡᠭᠵᠢᠭᠦᠯᠬᠦ ᠲᠥᠰᠦᠯ ᠳᠤᠷᠠᠳᠬᠤ ᠬᠡᠷᠡᠭᠲᠡᠶ᠂ ᠡᠷᠬᠡᠪᠰᠢ ᠪᠦᠬᠦ ᠬᠢᠨᠠᠨ ᠰᠢᠯᠭᠠᠬᠤ ᠭᠦᠢᠴᠡᠳᠬᠡᠯ | ᠲᠤᠭ᠎ᠠ ᠶᠢ ᠬᠠᠮᠤᠷᠬᠤ ᠬᠡᠷᠡᠭᠲᠡᠶ᠃ ᠲᠡᠷᠢᠬᠦᠨ ᠰᠢᠨᠵᠢᠯᠡᠬᠦ ᠤᠬᠠᠭᠠᠨᠲᠠᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ | ᠨᠡᠷᠡᠰ ᠤᠨ ᠵᠢᠭᠰᠠᠭᠠᠯᠲᠠ ᠶᠢᠨ ᠲᠠᠯ᠎ᠠ ᠨᠢ ᠴᠡᠷᠢᠭ ᠤᠨ ᠬᠡᠯᠪᠡᠷᠢ ᠶᠢᠨ 1 ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠨ ᠢ ᠲᠡᠷᠢᠭᠦᠨ ᠰᠢᠨᠵᠢᠯᠡᠬᠦ ᠤᠬᠠᠭᠠᠨᠲᠠᠨ ᠪᠣᠯᠭᠠᠵᠤ᠂ ᠬᠡᠷᠡᠭᠵᠢᠭᠦᠯᠬᠦ ᠲᠥᠰᠦᠯ ᠪᠠ ᠲᠤᠰᠬᠠᠶ ᠣᠨᠴᠠᠯᠢᠭ ᠲᠤ | ᠳᠣᠭᠢᠷᠠᠬᠤ ᠬᠠᠮᠢᠶᠠᠷᠤᠯᠲᠠ ᠶᠢᠨ ᠠᠵᠢᠯ ᠤᠨ ᠲᠥᠰᠦᠯ ᠢ ᠲᠦᠷᠦᠭᠦᠯᠡᠨ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ | ᠵᠠᠷᠯᠠᠨ ᠨᠡᠶᠢᠲᠡᠯᠡᠬᠦ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠵᠣᠬᠢᠴᠠᠭᠤᠯᠤᠨ᠎ᠠ᠃ ᠬᠡᠷᠡᠭᠵᠢᠭᠦᠯᠬᠦ | ᠲᠥᠰᠦᠯ ᠳᠤ ᠦᠷ᠎ᠡ ᠪᠦᠲᠦᠭᠡᠯ ᠢ ᠤᠯᠠᠷᠢᠭᠤᠯᠬᠤ ᠳᠤ ᠬᠡᠷᠡᠭᠰᠡᠬᠦ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ | ᠳᠤᠷᠠᠳᠴᠤ᠂ ᠦᠷ᠎ᠡ ᠪᠦᠲᠦᠭᠡᠯ ᠢ ᠤᠯᠠᠷᠢᠭᠤᠯᠬᠤ ᠪᠣᠳᠠᠲᠠᠶ ᠬᠦᠷᠢᠶᠡᠯᠡᠩ ᠲᠣᠭᠤᠷᠢᠭ ᠢ ᠲᠣᠳᠣᠷᠬᠠᠶᠢᠯᠠᠵᠤ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠳᠠᠯᠳᠤᠭᠠᠴᠢᠨ ᠤᠷᠢᠬᠤ ᠬᠤᠭᠤᠷᠣᠨᠳᠣᠬᠢ ᠬᠠᠷᠢᠴᠠᠭ᠎ᠠ ᠶᠢ ᠲᠣᠳᠣᠷᠬᠠᠶᠢᠯᠠᠵᠤ | ᠂ ᠪᠠᠶᠢᠭᠤᠯᠬᠤ ᠪᠠᠷ ᠪᠠᠶᠢᠭ᠎ᠠ ᠤᠬᠠᠭᠳᠠᠬᠤᠨ ᠢ ᠰᠢᠯᠭᠠᠨ ᠪᠠᠲᠤᠯᠠᠬᠤ ᠲᠠᠪᠴᠠᠩ ᠵᠢᠴᠢ ᠠᠩᠬ᠎ᠠ ᠠᠯᠬᠤᠮ ᠤᠨ | ᠲᠥᠰᠦᠪᠯᠡᠯ᠃ | 2.ᠰᠠᠮᠪᠠᠷ᠎ᠠ ᠡᠬᠢᠯᠡᠬᠦ ᠲᠥᠷᠥᠯ ᠵᠦᠢᠯ ᠨᠢ ᠭᠤᠤᠯ ᠪᠣᠯᠬᠤ ᠬᠢᠨᠠᠨ ᠰᠢᠯᠭᠠᠬᠤ ᠭᠦᠢᠴᠡᠳᠬᠡᠬᠦ ᠲᠤᠭ᠎ᠠ ᠶᠢ ᠰᠢᠨ᠎ᠡ | ᠮᠡᠷᠭᠡᠵᠢᠯ᠂ ᠰᠢᠨ᠎ᠡ ᠤᠷᠠᠨ ᠳᠠᠷᠬ᠎ᠠ᠂ ᠰᠢᠨ᠎ᠡ ᠦᠢᠯᠡᠳᠬᠦᠨ᠂ ᠰᠢᠨ᠎ᠡ ᠮᠠᠲ᠋ᠧᠷᠢᠶᠠᠯ᠂ ᠰᠢᠨ᠎ᠡ ᠲᠥᠬᠦᠭᠡᠷᠦᠮᠵᠢ᠂ | ᠵᠠᠩᠭᠢᠯᠠᠭ᠎ᠠ ᠶᠢᠨ ᠤᠭᠰᠠᠷᠠᠭ᠎ᠠ ᠲᠣᠨᠤᠭ᠂ ᠲᠤᠷᠰᠢᠯᠲᠠ ᠶᠢᠨ ᠲᠣᠨᠣᠭᠯᠠᠯ / ᠰᠢᠰᠲ᠋ᠧᠮ᠂ ᠬᠡᠷᠡᠭᠯᠡᠭᠡᠨ ᠤ ᠰᠢᠢᠳᠪᠦᠷᠢᠯᠡᠬᠦ | ᠲᠥᠰᠦᠯ᠂ ᠡᠮ ᠤᠨ ᠡᠮᠴᠢᠯᠡᠭᠡᠨ ᠤ ᠲᠤᠷᠰᠢᠯᠲᠠ ᠶᠢᠨ ᠴᠣᠬᠤᠯᠠᠪᠤᠷᠢ ᠵᠡᠷᠭᠡ ᠪᠡᠯᠭᠡ ᠲᠡᠮᠳᠡᠭ ᠤᠨ ᠴᠢᠨᠠᠷᠲᠠᠶ ᠦᠷ᠎ᠡ | ᠪᠦᠲᠦᠭᠡᠯ ᠢ ᠰᠤᠳᠤᠯᠤᠨ ᠨᠡᠭᠡᠭᠡᠬᠦ᠂ ᠬᠤᠪᠢᠷᠠᠭᠤᠯᠬᠤ ᠪᠠ ᠵᠢᠱᠢᠶ᠎ᠡ ᠦᠵᠡᠭᠦᠯᠦᠨ ᠬᠡᠷᠡᠭᠯᠡᠬᠦ ᠬᠡᠷᠡᠭᠲᠡᠶ᠃ ᠥᠭᠦᠯᠡᠯ | ᠨᠡᠶᠢᠲᠡᠯᠡᠬᠦ ᠪᠠᠷ ᠭᠤᠤᠯ ᠰᠤᠳᠤᠯᠤᠨ ᠨᠡᠭᠡᠭᠡᠬᠦ ᠬᠠᠷᠠᠯᠲᠠ ᠪᠣᠯᠭᠠᠭᠰᠠᠨ ᠲᠥᠷᠥᠯ ᠵᠦᠢᠯ ᠨᠢ ᠲᠣᠰ ᠤᠳᠠᠭᠠᠨ ᠤ | ᠭᠤᠶᠤᠴᠢᠯᠠᠨ ᠮᠡᠳᠡᠭᠦᠯᠬᠦ ᠬᠡᠪᠴᠢᠶᠡᠨ ᠳᠤ ᠪᠠᠭᠲᠠᠬᠤ ᠥᠬᠡᠶ ᠃ | 3. ᠲᠦᠷᠦᠭᠦᠯᠡᠨ ᠰᠠᠮᠪᠠᠷ᠎ᠠ ᠨᠡᠶᠢᠲᠡᠯᠡᠬᠦ ᠨᠢᠭᠡᠴᠡ ᠨᠢ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠳᠣᠲᠣᠷ᠎ᠠ ᠳᠠᠩᠰᠠᠯᠠᠭᠤᠯᠤᠭᠰᠠᠨ ᠠᠵᠤ ᠠᠬᠤᠶᠢᠯᠠᠯ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ | ᠬᠢᠷᠢ ᠬᠡᠮ ᠲᠠᠢ᠂ ᠠᠵᠢᠯ ᠲᠥᠷᠥᠯ ᠤᠨ ᠳᠠᠭᠠᠭᠤᠯᠤᠭᠴᠢ ᠪᠤᠶᠤ ᠭᠤᠣᠯᠯᠠᠬᠤ ᠪᠠᠶᠢᠷᠢ ︵ᠰᠢᠨ᠎ᠡ ᠪᠠᠷ ᠣᠷᠣᠭᠤᠯᠤᠨ | ᠠᠪᠴᠢᠷᠠᠭᠰᠠᠨ ᠠᠵᠤ ᠠᠬᠤᠶᠢᠯᠠᠯ ᠤᠨ ᠨᠥᠬᠦᠴᠡᠯ ᠢ ᠠᠭᠤᠵᠢᠭᠤ ᠲᠠᠯᠪᠢᠵᠤ ᠪᠣᠯᠤᠨ᠎ᠠ︶᠂ ᠨᠡᠯᠢᠶᠡᠳ ᠴᠢᠩᠭ᠎ᠠ | ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠴᠢᠳᠠᠪᠤᠷᠢ ᠪᠠ ᠨᠥᠬᠦᠴᠡᠯ ᠢ ᠪᠦᠷᠢᠯᠳᠦᠭᠦᠯᠵᠦ᠂ | ᠠᠵᠢᠯᠯᠠᠭᠠᠨ ᠤ ᠬᠠᠮᠢᠶᠠᠷᠤᠯᠲᠠ ᠶᠢ ᠵᠢᠷᠤᠮᠵᠢᠭᠤᠯᠤᠨ᠂ ᠲᠡᠭᠦᠯᠳᠡᠷᠵᠢᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ | ᠲᠥᠷᠥᠯ ᠵᠦᠢᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠤᠨ ᠬᠠᠮᠢᠶᠠᠷᠤᠯᠲᠠ ᠶᠢᠨ ᠳᠦᠷᠢᠮ ︵ᠬᠠᠮᠢᠶ᠎ᠠ | ᠪᠦᠬᠦᠢ ᠳᠦᠷᠢᠮ ᠢ ᠮᠡᠳᠡᠭᠦᠯᠬᠦ ᠦᠶ᠎ᠡ ᠳᠤ ᠡᠷᠬᠡᠪᠰᠢ ᠳᠠᠭᠠᠯᠳᠤᠭᠤᠯᠤᠯ ᠮᠠᠲ᠋ᠧᠷᠢᠶᠠᠯ ᠬᠠᠩᠭᠠᠬᠤ ᠬᠡᠷᠡᠭᠲᠡᠢ︶︔ | 4. ᠲᠦᠷᠦᠭᠦᠯᠡᠨ ᠬᠢᠬᠦ ᠠᠵᠤ ᠠᠬᠤᠶᠢᠯᠠᠯ ᠦᠢᠯᠡᠳᠪᠦᠷᠢᠯᠡᠯ ᠪᠠ ᠡᠵᠡᠩᠨᠡᠯᠲᠡ ᠶᠢᠨ ᠪᠠᠶᠢᠳᠠᠯ ᠰᠠᠶᠢᠨ ᠪᠠᠶᠢᠬᠤ | ᠪᠥᠭᠡᠳ ᠣᠶᠢᠷ᠎ᠠ ᠶᠢᠨ 3 ᠵᠢᠯ ︵2022 ᠣᠨ᠂ 2023 ᠣᠨ᠂ 2024 ᠣᠨ︶ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠳᠤ ᠮᠡᠳᠡᠭᠦᠯᠦᠨ ᠬᠦᠷᠭᠡᠭᠰᠡᠨ ᠠᠵᠤ ᠠᠬᠤᠶᠢᠯᠠᠯ ᠤᠨ ᠣᠨ ᠤ ᠡᠳ᠋ ᠤᠨ ᠶᠠᠪᠤᠳᠠᠯ ᠤᠨ | ᠮᠡᠳᠡᠭᠦᠯᠦᠯᠲᠡ ᠶᠢᠨ ᠬᠦᠰᠦᠨᠦᠭᠲᠦ ︵ᠡᠳ᠋ ᠬᠥᠷᠥᠩᠭᠡ ᠶᠢᠨ ᠥᠷᠢᠲᠦᠯ ᠤᠨ ᠬᠦᠰᠦᠨᠦᠭᠲᠦ᠂ ᠠᠰᠢᠭ ᠬᠤᠨᠵᠢᠪᠣᠷᠢ ᠶᠢᠨ | ᠬᠦᠰᠦᠨᠦᠭᠲᠦ ᠪᠤᠶᠤ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠬᠦᠰᠦᠨᠦᠭᠲᠦ᠂ ᠪᠡᠯᠡᠨ ᠵᠣᠭᠤᠰ ᠤᠨ ᠭᠦᠢᠯᠭᠡᠭᠡᠨ ᠤ | ᠬᠡᠮᠵᠢᠭᠦᠷ ᠪᠠᠭᠲᠠᠨ᠎ᠠ︶ ᠶᠢ ᠬᠠᠩᠭᠠᠨ᠎ᠠ ᠃ ᠪᠠᠶᠢᠭᠤᠯᠤᠭᠰᠠᠨ ᠨᠢ 2 ᠵᠢᠯ ᠬᠦᠷᠬᠦ ᠦᠭᠡᠢ ᠪᠠᠶᠢᠪᠠᠯ᠂ | ᠪᠠᠶᠢᠭᠤᠯᠤᠭᠳᠠᠭᠰᠠᠨ ᠠᠴᠠ ᠨᠠᠰᠢᠬᠢ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠬᠠᠩᠭᠠᠬᠤ | ᠴᠢᠬᠤᠯᠠᠲᠠᠢ︔ | 5. ᠲᠦᠷᠦᠭᠦᠯᠡᠬᠦ ᠠᠵᠤ ᠠᠬᠤᠶᠢᠯᠠᠯ ᠨᠢ ᠣᠷᠣᠨ ᠤ ᠳᠣᠲᠣᠷ᠎ᠠ ᠭᠠᠳᠠᠨᠠᠬᠢ ᠬᠠᠮᠢᠶ᠎ᠠ ᠪᠦᠬᠦᠢ ᠠᠵᠤ ᠠᠬᠤᠶᠢᠯᠠᠯ᠂ | ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠢᠴᠢ ᠰᠢᠨ᠎ᠡ ᠶᠢ | ᠡᠭᠦᠳᠬᠦ ᠲᠠᠪᠴᠠᠩ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ᠂ ᠰᠢᠨᠵᠢᠯᠡᠬᠦ ᠤᠬᠠᠭᠠᠨ | ᠮᠡᠷᠭᠡᠵᠢᠯ ᠤᠨ ᠦᠢᠯᠡᠴᠢᠯᠡᠭᠡᠨ ᠵᠡᠷᠭᠡ ᠪᠠᠶᠢᠭᠤᠯᠤᠮᠵᠢ ᠲᠠᠢ ᠬᠠᠮᠲᠤᠷᠠᠨ ᠬᠠᠮᠲᠤᠪᠠᠷ ᠮᠡᠳᠡᠭᠦᠯᠵᠦ᠂ ᠥᠪᠡᠷᠲᠡᠭᠡᠨ ᠵᠠᠰᠠᠬᠤ | ᠣᠷᠣᠨ ᠤ ᠳᠣᠲᠣᠷᠠᠬᠢ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ ᠢ 60% ᠠᠴᠠ ᠳᠣᠤᠷ᠎ᠠ ᠦᠭᠡᠶ ᠪᠠᠶᠢᠯᠭᠠᠵᠤ᠂ ᠲᠥᠷᠥᠯ ᠵᠦᠢᠯ ᠨᠢᠭᠡᠪᠦᠷᠢ ᠳᠤ ᠨᠢ | ᠠᠳᠠᠭ ᠲᠠᠭᠠᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ ᠢ ᠬᠠᠮᠲᠤᠷᠠᠭᠤᠯᠤᠨ ᠪᠣᠭᠤᠮᠲᠠ ᠰᠢᠪᠲᠤᠯᠬᠤ ᠳᠤ ᠣᠷᠣᠯᠴᠠᠭᠤᠯᠬᠤ ᠬᠡᠷᠡᠭᠲᠡᠶ᠃ | ᠲᠥᠷᠥᠯ ᠵᠦᠢᠯ ᠨᠢᠭᠡᠪᠦᠷᠢ ᠨᠢ ᠰᠡᠳᠦᠪ ᠲᠣᠬᠢᠷᠠᠭᠤᠯᠵᠤ ᠪᠣᠯᠬᠤ ᠪᠥᠭᠡᠳ ᠣᠷᠣᠨ ᠤ ᠭᠠᠳᠠᠨᠠᠬᠢ ᠪᠦᠯᠬᠦᠮ ᠨᠡᠶᠢᠲᠡ ᠪᠠᠷ | ᠲᠦᠷᠦᠭᠦᠯᠡᠭᠦᠯᠦᠭᠰᠡᠨ ᠰᠡᠳᠦᠪ ᠢ ᠡᠷᠬᠡᠪᠰᠢ ᠣᠷᠣᠨ ᠤ ᠳᠣᠲᠣᠷᠠᠬᠢ ᠴᠢᠳᠠᠪᠤᠷᠢᠲᠠᠨ ᠤ ᠪᠦᠯᠬᠦᠮ ᠨᠡᠶᠢᠲᠡ ᠪᠠᠷ | ᠣᠷᠣᠯᠴᠠᠭᠤᠯᠵᠤ᠂ ᠣᠷᠣᠨ ᠤ ᠳᠣᠲᠣᠷᠠᠬᠢ ᠵᠠᠯᠠᠭᠤ ᠴᠢᠳᠠᠪᠤᠷᠢᠲᠠᠨ ᠤ ᠪᠣᠭᠤᠮᠲᠠ ᠰᠢᠪᠲᠤᠯᠬᠤ ᠳᠤ ᠣᠷᠣᠯᠴᠠᠬᠤ ᠶᠢ | ᠵᠣᠷᠢᠭᠵᠢᠭᠤᠯᠬᠤ ᠬᠡᠷᠡᠭᠲᠡᠶ︔ | 6᠂ ᠲᠦᠷᠦᠭᠦᠯᠡᠬᠦ ᠨᠢᠭᠡᠴᠢ᠂ ᠬᠠᠮᠲᠤᠷᠠᠨ ᠡᠭᠦᠷᠭᠡᠯᠡᠬᠦ ᠨᠢᠭᠡᠴᠢ ᠨᠢ ᠡᠷᠬᠡᠪᠰᠢ ᠲᠤᠰᠬᠠᠢ ᠳᠠᠩᠰᠠ ᠪᠠᠷ ᠡᠳ᠋ ᠤᠨ | ᠵᠠᠰᠠᠭ ᠤᠨ ᠪᠡᠯᠡ ᠮᠥᠩᠭᠦ ᠪᠠ ᠥᠪᠡᠷᠲᠡᠭᠡᠨ ᠪᠡᠯᠡ ᠮᠥᠩᠭᠦ ᠴᠤᠭᠯᠠᠭᠤᠯᠬᠤ ᠶᠢ ᠬᠡᠷᠡᠭᠵᠢᠭᠦᠯᠵᠦ᠂ ᠲᠦᠷᠦᠭᠦᠯᠡᠬᠦ | ᠨᠢᠭᠡᠴᠢ ᠨᠢ ᠵᠠᠷᠤᠳᠠᠯ ᠤᠨ ᠵᠠᠷᠤᠯᠭ᠎ᠠ ᠶᠢᠨ ᠠᠬᠢᠴᠠ ᠶᠢ ᠰᠠᠷ᠎ᠠ ᠰᠠᠷ᠎ᠠ ᠪᠠᠷ ᠮᠡᠳᠡᠭᠦᠯᠬᠦ ᠬᠡᠷᠡᠭᠲᠡᠢ᠃ ᠨᠡᠷᠡᠰ ᠤᠨ | ᠵᠢᠭᠰᠠᠭᠠᠯᠲᠠ ᠳᠤ ᠡᠷᠬᠡᠪᠰᠢ ᠬᠠᠩᠭᠠᠭᠰᠠᠨ ᠢᠵᠢ ᠪᠦᠷᠢᠳᠦᠭᠦᠯᠬᠦ ᠵᠠᠷᠤᠳᠠᠯ ᠢ ᠡᠳ᠋ ᠤᠨ ᠵᠠᠰᠠᠭ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠪᠡᠯᠡ ᠮᠥᠩᠭᠦ ᠶᠢᠨ ᠬᠠᠷᠢᠴᠠᠯ ᠯᠤᠭ᠎ᠠ 2᠄ 1 ᠠᠴᠠ ᠳᠣᠤᠷ᠎ᠠ ᠪᠠᠶᠢᠯᠭᠠᠵᠤ ᠪᠣᠯᠬᠤ ᠦᠭᠡᠢ᠂ | ᠮᠡᠳᠡᠭᠦᠯᠬᠦ ᠦᠶ᠎ᠡ ᠳᠤ ᠡᠷᠬᠡᠪᠰᠢ ᠠᠵᠤ ᠠᠬᠤᠶᠢᠯᠠᠯ ᠤᠨ ᠪᠡᠯᠡ ᠮᠥᠩᠭᠦ ᠶᠢ ᠲᠣᠬᠢᠷᠠᠭᠤᠯᠬᠤ ᠠᠮᠠᠯᠠᠯᠲᠠ ᠶᠢᠨ | ᠪᠢᠴᠢᠭ ᠲᠤ ᠭᠠᠷ ᠤᠨ ᠦᠰᠦᠭ ᠵᠢᠷᠤᠬᠤ ᠶᠢᠨ ᠬᠠᠮᠲᠤ ᠲᠥᠷᠥᠯ ᠵᠦᠢᠯ ᠤᠨ ᠪᠣᠳᠠᠲᠠᠶ ᠬᠡᠷᠡᠭᠴᠡᠭᠡ ᠶᠢ ᠴᠢᠩᠭ᠎ᠠ | ᠵᠢᠷᠤᠮᠯᠠᠨ᠂ ᠦᠨᠡᠨ ᠠᠴᠠ ᠵᠥᠪ ᠢ ᠡᠷᠢᠵᠦ᠂ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠵᠠᠷᠤᠳᠠᠯ ᠤᠨ | ᠲᠥᠰᠦᠪ ᠢ ᠨᠠᠶᠢᠷᠠᠭᠤᠯᠤᠨ ᠵᠣᠬᠢᠶᠠᠬᠤ ᠬᠡᠷᠡᠭᠲᠡᠶ︔ | 7. ᠬᠡᠷᠡᠭᠵᠢᠭᠦᠯᠬᠦ ᠲᠥᠰᠦᠯ ᠳᠤ ᠪᠡᠯᠭᠡ ᠲᠡᠮᠳᠡᠭ ᠤᠨ ᠵᠠᠩᠭᠢᠯᠠᠭ᠎ᠠ ᠶᠢᠨ ᠴᠡᠭ ᠪᠠ ᠴᠢᠬᠤᠯᠠ ᠶᠡᠭᠡ ᠪᠡᠯᠭᠡ | ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠢ ᠲᠣᠳᠣᠷᠬᠠᠶᠢᠯᠠᠵᠤ᠂ ᠲᠥᠷᠥᠯ ᠵᠦᠢᠯ ᠤᠨ ᠳᠤᠮᠳᠠ ᠬᠤᠭᠤᠴᠠᠭᠠᠨ ᠤ | ᠬᠢᠨᠠᠨ ᠰᠢᠯᠭᠠᠯᠲᠠ ᠪᠠ ᠰᠢᠯᠭᠠᠨ ᠠᠪᠴᠤ ᠦᠨᠡᠯᠡᠬᠦ ᠶᠢᠨ ᠪᠡᠯᠭᠡ ᠲᠡᠮᠳᠡᠭ ᠤᠨ ᠵᠠᠩᠭᠢᠯᠠᠭ᠎ᠠ ᠶᠢᠨ ᠴᠡᠭ ᠪᠠ ᠴᠢᠬᠤᠯᠠ | ᠶᠡᠭᠡ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠢ ᠬᠢᠨᠠᠨ ᠰᠢᠯᠭᠠᠬᠤ ᠪᠠᠷ ᠭᠤᠤᠯ ᠪᠣᠯᠭᠠᠵᠤ᠂ ᠠᠵᠢᠯ | ᠲᠥᠷᠥᠯ ᠤᠨ ᠰᠠᠯᠠᠭ᠎ᠠ ᠮᠥᠴᠢᠷ ᠤᠨ ᠰᠠᠨᠠᠭᠠᠨ ᠳᠤ ᠨᠡᠶᠢᠴᠡᠭᠰᠡᠨ ᠰᠢᠯᠭᠠᠨ ᠦᠨᠡᠯᠡᠬᠦ ᠪᠠ ᠲᠤᠰᠬᠠᠶ ᠮᠡᠷᠭᠡᠵᠢᠯᠲᠡᠨ | ᠰᠢᠯᠭᠠᠨ ᠦᠨᠡᠯᠡᠬᠦ ᠵᠡᠷᠭᠡ ᠠᠷᠭ᠎ᠠ ᠮᠠᠶ᠋ᠢᠭ ᠢᠶᠠᠷ ᠥᠷᠨᠢᠭᠦᠯᠬᠦ ᠬᠡᠷᠡᠭᠲᠡᠶ ᠃ | 8. ᠲᠥᠷᠥᠯ ᠵᠦᠢᠯ ᠤᠨ ᠬᠠᠷᠢᠭᠤᠴᠠᠯᠭᠠᠲᠠᠨ ᠤ ᠨᠠᠰᠤ ᠵᠢᠯ ᠢ ᠡᠩ ᠤᠨ ᠪᠠᠶᠢᠳᠠᠯ ᠳᠤ 60 ᠪᠦᠬᠦᠯᠢ | ᠨᠠᠰᠤᠨ ᠠᠴᠠ ᠬᠡᠲᠦᠷᠡᠭᠦᠯᠬᠦ ᠦᠭᠡᠢ ︵1965 ᠣᠨ ᠤ 3 ᠰᠠᠷ᠎ᠠ ᠶᠢᠨ 19 ᠤ ᠡᠳᠦᠷ ᠠᠴᠠ ᠰᠡᠭᠦᠯᠡᠷ ᠲᠥᠷᠥᠭᠰᠡᠨ︶ | ᠲᠥᠷᠥᠯ ᠵᠦᠢᠯ ᠤᠨ ᠬᠠᠷᠢᠭᠤᠴᠠᠯᠭᠠᠲᠠᠨ ︵ᠬᠤᠶᠠᠷ ᠬᠦᠷᠢᠶᠡᠯᠡᠩ ᠤᠨ ᠠᠺᠠᠳᠧᠮᠢᠴᠢ ᠪᠠᠭᠲᠠᠬᠤ ᠦᠭᠡᠢ︶ ᠲᠥᠷᠥᠯ | ᠵᠦᠢᠯ ᠢ ᠬᠡᠷᠡᠭᠵᠢᠭᠦᠯᠬᠦ ᠬᠤᠭᠤᠴᠠᠭᠠᠨ ᠳᠤ ᠬᠠᠤᠯᠢ ᠳᠤ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤᠨ ᠳᠤ ᠬᠦᠷᠪᠡᠯ | ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠨᠢᠭᠡᠴᠡ ᠠᠴᠠ ᠲᠥᠷᠥᠯ ᠵᠦᠢᠯ ᠢ ᠭᠡᠷ᠎ᠡ ᠭᠦᠢᠴᠡᠳᠭᠡᠨ ᠬᠡᠷᠡᠭᠵᠢᠭᠦᠯᠵᠦ | ᠪᠣᠯᠬᠤ ᠶᠢ ᠪᠠᠲᠤᠯᠠᠬᠤ ᠠᠮᠠᠯᠠᠯᠲᠠ ᠶᠢᠨ ᠪᠢᠴᠢᠭ ︵ᠬᠡᠷᠪᠡ ᠳᠠᠬᠢᠨ ᠤᠷᠢᠬᠤ᠂ ᠠᠵᠢᠯ ᠠᠴᠠ ᠪᠠᠨ ᠠᠮᠠᠷᠠᠬᠤ ᠴᠠᠭ ᠢ | ᠬᠤᠶᠢᠰᠢᠯᠠᠭᠤᠯᠬᠤ ᠵᠡᠷᠭᠡ︶ ᠭᠠᠷᠭᠠᠵᠤ ᠥᠭᠭᠦᠨ᠎ᠡ᠃ ᠬᠡᠷᠪᠡ ᠲᠤᠰ ᠨᠢᠭᠡᠴᠡ ᠶᠢᠨ ᠠᠵᠢᠯᠯᠠᠵᠤ ᠪᠠᠶᠢᠭ᠎ᠠ ᠪᠤᠰᠤ | ᠬᠥᠮᠦᠰ ᠢ ᠤᠷᠢᠵᠤ ᠲᠥᠷᠥᠯ ᠵᠦᠢᠯ ᠤᠨ ᠬᠠᠷᠢᠭᠤᠴᠠᠯᠭᠠᠲᠠᠨ ᠪᠣᠯᠭᠠᠭᠰᠠᠨ ᠪᠠᠶᠢᠪᠠᠯ᠂ ᠤᠷᠢᠵᠤ ᠬᠡᠷᠡᠭᠯᠡᠬᠦ ᠬᠦᠴᠦᠨ | ᠪᠦᠬᠦᠢ ᠭᠡᠷᠡᠴᠢᠯᠡᠬᠦ ᠮᠠᠲ᠋ᠧᠷᠢᠶᠠᠯ ᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠪᠣᠯᠭᠠᠬᠤ ᠶᠢᠨ ᠬᠠᠮᠲᠤ ᠲᠤᠰᠢᠶᠠᠬᠤ | ᠬᠡᠷᠡᠭᠲᠡᠶ᠃ ︽ᠵᠠᠷᠯᠠᠨ ᠮᠠᠩᠯᠠᠶᠢᠯᠠᠭᠤᠯᠬᠤ︾ ᠲᠥᠷᠥᠯ ᠵᠦᠢᠯ ᠤᠨ ᠬᠠᠷᠢᠭᠤᠴᠠᠯᠭᠠᠲᠠᠨ ᠲᠥᠷᠥᠯ ᠵᠦᠢᠯ ᠤᠨ | ᠬᠢᠵᠠᠭᠠᠷᠯᠠᠭᠰᠠᠨ ᠬᠡᠪᠴᠢᠶᠡᠨ ᠳᠣᠲᠣᠷ᠎ᠠ ᠪᠠᠶᠢᠬᠤ ᠥᠬᠡᠶ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ | ᠰᠢᠪᠲᠤᠯᠬᠤ︾ ᠢᠨᠵᠧᠨᠧᠷᠢᠩ ᠤᠨ ᠲᠥᠷᠥᠯ ᠵᠦᠢᠯ ᠤᠨ ᠬᠠᠷᠢᠭᠤᠴᠠᠯᠭᠠᠲᠠᠨ ᠢ ᠭᠤᠶᠤᠴᠢᠯᠠᠨ ᠮᠡᠳᠡᠭᠦᠯᠵᠦ ᠪᠣᠯᠬᠤ | ᠥᠬᠡᠶ᠃ | 9. ᠠᠳᠠᠯᠢ ᠨᠢᠭᠡ ᠲᠥᠷᠥᠯ ᠵᠦᠢᠯ ᠢ ᠵᠥᠪᠬᠡᠨ ᠲᠠᠨᠢᠯᠴᠠᠭᠤᠯᠬᠤ ᠰᠠᠯᠠᠭ᠎ᠠ ᠮᠥᠴᠢᠷ ᠢᠶᠠᠷ ᠭᠤᠶᠤᠴᠢᠯᠠᠨ | ᠮᠡᠳᠡᠭᠦᠯᠵᠦ᠂ ᠠᠳᠠᠯᠢ ᠨᠢᠭᠡ ᠲᠥᠷᠥᠯ ᠵᠦᠢᠯ ᠢ ᠵᠥᠪᠬᠡᠨ ᠨᠢᠭᠡ ᠯᠡ ᠰᠢᠨᠵᠢᠯᠡᠬᠦ ᠤᠬᠠᠭᠠᠨ ᠮᠡᠷᠭᠡᠵᠢᠯ ᠤᠨ ︽ | ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ︽ᠵᠠᠷᠯᠠᠨ ᠮᠠᠩᠯᠠᠶᠢᠯᠠᠭᠤᠯᠬᠤ︾ ᠲᠥᠷᠥᠯ ᠵᠦᠢᠯ ᠢ ᠭᠤᠶᠤᠴᠢᠯᠠᠨ | ᠮᠡᠳᠡᠭᠦᠯᠵᠦ᠂ ᠲᠥᠷᠥᠯ ᠵᠦᠢᠯ ᠤᠨ ᠨᠡᠷᠡᠶᠢᠳᠦᠯ ᠢ ᠬᠤᠪᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ | ᠲᠠᠯ᠎ᠠ ᠪᠠᠷ ᠮᠡᠳᠡᠭᠦᠯᠬᠦ ᠪᠠ ᠳᠠᠪᠬᠤᠷᠳᠠᠭᠤᠯᠤᠨ ᠮᠡᠳᠡᠭᠦᠯᠵᠦ ᠪᠣᠯᠬᠤ ᠥᠬᠡᠶ᠃ | 10. ᠪᠣᠶ ᠪᠥᠬᠦᠶ ᠭᠤᠶᠤᠴᠢᠯᠠᠨ ᠮᠡᠳᠡᠭᠦᠯᠦᠭᠰᠡᠨ ᠨᠢᠭᠡᠴᠡ ᠪᠠ ᠲᠥᠷᠥᠯ ᠵᠦᠢᠯ᠂ ᠰᠡᠳᠦᠪ ᠤᠨ | ᠬᠠᠷᠢᠭᠤᠴᠠᠯᠭᠠᠲᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢᠨ | ᠱᠠᠭᠠᠷᠳᠠᠯᠭ᠎ᠠ ᠶᠢ ᠵᠢᠷᠤᠮᠯᠠᠬᠤ ᠬᠡᠷᠡᠭᠲᠡᠶ᠂ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠤᠭᠤᠴᠠᠭᠠᠨ ᠳᠠᠬᠢ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠢᠯᠯᠠᠭ᠎ᠠ ᠶᠢᠨ ᠲᠡᠮᠳᠡᠭᠯᠡᠯ ᠪᠠ ᠬᠠᠮᠢᠶ᠎ᠠ | ᠪᠥᠬᠦᠶ ᠨᠡᠶᠢᠭᠡᠮ ᠤᠨ ᠬᠦᠷᠢᠶᠡᠨ ᠳᠠᠬᠢ ᠢᠲᠡᠭᠡᠮᠵᠢ ᠶᠢᠨ ︽ᠬᠠᠷ᠎ᠠ ᠲᠠᠩᠰᠠ︾ ᠶᠢᠨ ᠲᠡᠮᠳᠡᠭᠯᠡᠯ ᠪᠠᠶᠢᠬᠤ ᠥᠬᠡᠶ᠃ | ᠲᠥᠷᠥᠯ ᠵᠦᠢᠯ ᠤᠨ ᠬᠠᠷᠢᠭᠤᠴᠠᠯᠭᠠᠲᠠᠨ ᠨᠢ ᠲᠤᠰᠢᠶᠠᠭᠰᠠᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠢ ᠠᠮᠠᠯᠠᠬᠤ | ᠬᠡᠷᠡᠭᠲᠡᠶ᠂ ᠭᠤᠶᠤᠴᠢᠯᠠᠨ ᠮᠡᠳᠡᠭᠦᠯᠬᠦ ᠨᠢᠭᠡᠴᠡ ᠨᠢ ᠭᠤᠶᠤᠴᠢᠯᠠᠭᠴᠢ ᠶᠢᠨ ᠭᠤᠶᠤᠴᠢᠯᠠᠬᠤ ᠬᠢᠷᠢ ᠬᠡᠮ ᠳᠤ | ᠬᠠᠷᠢᠭᠤᠴᠠᠬᠤ ᠪᠦᠭᠡᠳ ᠭᠤᠶᠤᠴᠢᠯᠠᠬᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠪᠠ ᠪᠦᠷᠢᠨ ᠪᠦᠲᠦᠨ ᠴᠢᠨᠠᠷ ᠢ | ᠬᠢᠨᠠᠨ ᠬᠠᠷᠭᠤᠭᠤᠯᠬᠤ ᠬᠡᠷᠡᠭᠲᠡᠶ ᠃ | 11᠂ ᠪᠤᠢ ᠪᠦᠬᠦᠢ ᠮᠡᠳᠡᠭᠦᠯᠬᠦ ᠨᠢᠭᠡᠴᠡ ᠪᠠ ᠲᠥᠷᠥᠯ ᠵᠦᠢᠯ ᠤᠨ ᠠᠵᠢᠯᠲᠠᠨ ᠰᠢᠨᠵᠢᠯᠡᠬᠦ ᠤᠬᠠᠭᠠᠨ | ᠮᠡᠷᠭᠡᠵᠢᠯ ᠤᠨ ᠶᠣᠰᠣ ᠰᠤᠷᠲᠠᠬᠤᠨ ᠤ ᠪᠠᠷᠢᠮᠵᠢᠶ᠎ᠠ ᠶᠢ ᠵᠢᠷᠤᠮᠯᠠᠬᠤ ᠬᠡᠷᠡᠭᠲᠡᠶ᠃ ᠥᠷᠨᠢᠭᠦᠯᠬᠦ ᠪᠠᠷ ᠪᠠᠶᠢᠭ᠎ᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠣᠰᠣ | ᠰᠤᠷᠲᠠᠬᠤᠨ ᠤ ᠠᠶᠤᠯ ᠲᠦᠭᠰᠢᠭᠦᠷᠢ ᠶᠢᠨ ᠦᠨᠡᠯᠡᠨ ᠵᠢᠱᠢᠯᠲᠡ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠶᠠᠮᠤᠨ ᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠰᠢ ᠶᠤᠰᠤᠨ ᠤ ᠬᠢᠨᠠᠨ ᠪᠠᠶᠢᠴᠠᠭᠠᠬᠤ ᠠᠷᠭ᠎ᠠ ︵ | ᠲᠤᠷᠰᠢᠨ ᠬᠡᠷᠡᠭᠵᠢᠭᠦᠯᠬᠦ︶︾ ︵ᠲᠥᠷᠥ ᠰᠢᠨᠵᠢᠯᠡᠬᠦ ᠤᠬᠠᠭᠠᠨ ᠲᠠᠷᠬᠠᠭᠠᠭᠰᠠᠨ ᠬᠢᠨᠠᠯᠲᠠ ︹2020︺ 167 | ᠳ᠋ᠤᠭᠠᠷ ᠲᠣᠭᠠᠲᠤ︶ ᠤᠨ ᠬᠤᠶᠠᠳᠤᠭᠠᠷ ᠵᠤᠷᠪᠤᠰ ᠲᠤ ᠵᠢᠭᠰᠠᠭᠠᠭᠰᠠᠨ ᠬᠡᠪᠴᠢᠶ᠎ᠡ ᠪᠠᠷ ᠢᠶᠠᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠢᠯᠯᠠᠭ᠎ᠠ ᠳᠤ ᠬᠤᠯᠪᠣᠭᠳᠠᠪᠠᠯ᠂ ᠱᠠᠭᠠᠷᠳᠠᠯᠭ᠎ᠠ ᠶᠣᠰᠣᠭᠠᠷ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠶᠣᠰᠣ ᠰᠤᠷᠲᠠᠬᠤᠨ ᠤ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠵᠣᠬᠢᠴᠠᠩᠭᠤᠶ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠶᠣᠰᠣ ᠰᠤᠷᠲᠠᠬᠤᠨ ᠤ ᠬᠢᠨᠠᠨ ᠪᠠᠶᠢᠴᠠᠭᠠᠯᠲᠠ ᠶᠢᠨ ᠵᠥᠪᠰᠢᠶᠡᠷᠡᠯ ᠤᠨ ᠮᠠᠲ᠋ᠧᠷᠢᠶᠠᠯ ᠢ | ᠬᠠᠩᠭᠠᠬᠤ ᠬᠡᠷᠡᠭᠲᠡᠶ︔ | 12᠂ ᠪᠤᠰᠤᠳ ᠱᠠᠭᠠᠷᠳᠠᠯᠭ᠎ᠠ ᠨᠢ ᠨᠡᠷᠡᠰ ᠤᠨ ᠵᠢᠭᠰᠠᠭᠠᠯᠲᠠ ᠳᠤ ᠨᠠᠷᠢᠨ ᠦᠵᠡᠭᠡᠷᠡᠶ ︵ᠳᠠᠭᠠᠯᠳᠤᠭᠤᠯᠤᠯ 1︶ | ᠃ | ᠬᠤᠶᠠᠷ᠂ ᠰᠠᠮᠪᠠᠷ᠎ᠠ ᠨᠡᠶᠢᠲᠡᠯᠡᠬᠦ ᠶᠠᠪᠤᠴᠠ | 1 .2025 ᠣᠨ ᠤ 5 ᠳ᠋ᠤᠭᠠᠷ ᠰᠠᠷ᠎ᠠ ᠶᠢᠨ 6 ᠤ ᠡᠳᠦᠷ ᠠᠴᠠ ᠡᠮᠦᠨ᠎ᠡ ︽ᠮᠣᠩᠭᠤᠯ ᠤᠨ ᠰᠢᠨᠵᠢᠯᠡᠬᠦ | ᠤᠬᠠᠭᠠᠨ ᠤ ᠬᠤᠷᠠᠮᠠᠯ ᠲᠠᠪᠴᠠᠩ︾ ︵ᠰᠦᠯᠵᠢᠶᠡᠨ ᠤ ᠬᠠᠶ᠋ᠢᠭ http://www.mengkeju.com︶ | ᠢᠶᠠᠷ ᠳᠠᠮᠵᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠥᠯᠥᠪᠯᠡᠭᠡ ᠶᠢᠨ ︿ᠲᠤᠩᠬᠠᠭ ᠨᠡᠶᠢᠲᠡᠯᠡᠨ ᠮᠠᠩᠯᠠᠶᠢᠯᠠᠬᠤ﹀ ᠲᠥᠷᠥᠯ ᠵᠦᠢᠯ ᠤᠨ ᠬᠡᠷᠡᠭᠵᠢᠭᠦᠯᠬᠦ | ᠲᠥᠰᠦᠯ︾ ᠢ ᠲᠠᠭᠯᠠᠭᠠᠷᠠᠢ᠃ ᠳᠠᠩᠰᠠᠯᠠᠭᠤᠯᠤᠭᠰᠠᠨ ᠥᠬᠡᠶ ᠨᠢᠭᠡᠴᠡ ᠨᠢ ᠲᠣᠳᠣᠷᠬᠠᠶᠢᠯᠠᠯᠲᠠ ᠶᠣᠰᠣᠭᠠᠷ | ᠳᠠᠩᠰᠠᠯᠠᠭᠤᠯᠤᠭᠰᠠᠨ ᠮᠡᠳᠡᠭᠡ ᠵᠠᠩᠭᠢ ᠶᠢ ᠲᠠᠭᠯᠠᠨ ᠪᠢᠴᠢᠬᠦ ᠶᠢᠨ ᠬᠠᠮᠲᠤ ᠪᠤᠭᠤᠲᠤ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠳᠤ ᠳᠡᠪᠰᠢᠭᠦᠯᠦᠨ ᠬᠢᠨᠠᠨ ᠬᠠᠷᠭᠤᠭᠤᠯᠵᠤ᠂ ᠨᠢᠭᠡᠨᠲᠡ ᠳᠠᠩᠰᠠᠯᠠᠭᠤᠯᠤᠭᠰᠠᠨ ᠨᠢᠭᠡᠴᠡ ᠨᠢ | ᠰᠢᠭᠤᠳ ᠳᠠᠩᠰᠠᠯᠠᠭᠤᠯᠵᠤ ᠪᠣᠯᠤᠨ᠎ᠠ︔ | 2. ᠡᠯ᠎ᠡ ᠰᠠᠮᠪᠠᠷ᠎ᠠ ᠨᠡᠶᠢᠲᠡᠯᠡᠬᠦ ᠪᠠᠶᠢᠭᠤᠯᠭ᠎ᠠ ᠡᠷᠬᠡᠪᠰᠢ 2025 ᠣᠨ ᠤ 5 ᠰᠠᠷ᠎ᠠ ᠶᠢᠨ 6 ᠤ ᠡᠳᠦᠷ ᠠᠴᠠ | ᠡᠮᠦᠨ᠎ᠡ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠠᠵᠢᠯ ᠢ ᠪᠡᠶᠡᠯᠡᠭᠦᠯᠵᠦ᠂ ᠡᠭᠦᠨ ᠤ ᠬᠠᠮᠲᠤ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ︿ᠵᠠᠷᠯᠠᠨ | ᠮᠠᠩᠯᠠᠶᠢᠯᠠᠭᠤᠯᠬᠤ﹀ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ︵ᠳᠠᠭᠠᠯᠳᠤᠭᠤᠯᠤᠯ 3︶ ᠢ ᠨᠢᠭᠡ | ᠬᠡᠯᠪᠡᠷᠢ ᠶᠢᠨ 3 ᠬᠤᠪᠢ᠂ ︽ᠵᠠᠷᠯᠠᠨ ᠨᠡᠶᠢᠲᠡᠯᠡᠭᠰᠡᠨ ᠨᠢᠭᠡᠴᠡ ᠶᠢᠨ ᠰᠤᠳᠤᠯᠤᠨ ᠨᠡᠭᠡᠭᠡᠭᠰᠡᠨ ᠦᠢᠯᠡᠳᠪᠦᠷᠢᠯᠡᠯ ᠤᠨ | ᠪᠠᠶᠢᠳᠠᠯ ᠤᠨ ᠬᠦᠰᠦᠨᠦᠭᠲᠦ︾ ᠶᠢ ᠨᠢᠭᠡ ᠬᠡᠯᠪᠡᠷᠢ ᠪᠠᠷ 2 ᠬᠤᠪᠢ ︵ᠳᠠᠭᠠᠯᠳᠤᠭᠤᠯᠤᠯ 3︶ ᠶᠢ ᠬᠤᠪᠣᠷ ᠰᠢᠷᠣᠶ ᠶᠢᠨ | ᠳᠡᠭᠡᠳᠦ ᠰᠢᠨ᠎ᠡ ᠮᠡᠷᠭᠡᠵᠢᠯ ᠤᠨ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠬᠦᠷᠭᠡᠬᠦ | ᠬᠡᠷᠡᠭᠲᠡᠢ ᠃ | 3᠂ ︽2025 ᠣᠨ ᠳᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ︿ | ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ︽ᠵᠠᠷᠯᠠᠨ ᠮᠠᠩᠯᠠᠶᠢᠯᠠᠭᠤᠯᠬᠤ︾ ᠲᠥᠷᠥᠯ ᠵᠦᠢᠯ ᠤᠨ ᠶᠡᠷᠦᠩᠬᠡᠶ | ᠬᠦᠰᠦᠨᠦᠭᠲᠦ︾ ︵ᠳᠠᠭᠠᠯᠳᠤᠭᠤᠯᠤᠯ 2︶ ᠶᠢᠨ ᠡᠯᠧᠺᠲᠷᠤᠨᠬᠡᠪᠯᠡᠯ ᠢ ᠰᠢᠤᠳᠠᠨ ᠬᠠᠶᠢᠷᠴᠠᠭ ᠲᠤ ᠢᠯᠡᠭᠡᠪᠡ᠄ | 179689024@qqcom᠃ | ᠭᠤᠷᠪᠠ᠂ ᠬᠠᠷᠢᠯᠴᠠᠬᠤ ᠠᠷᠭ᠎ᠠ ᠮᠠᠶ᠋ᠢᠭ ᠵᠢᠴᠢ ᠬᠠᠶ᠋ᠢᠭ ᠤᠨ ᠬᠠᠷᠢᠯᠴᠠᠬᠤ ᠬᠥᠮᠦᠨ᠄ ᠬᠤ᠋ ᠯᠢᠨ | ᠬᠠᠷᠢᠯᠴᠠᠬᠤ ᠤᠲᠠᠰᠤ᠄ 0472 - 5215800᠂ 15561095180 | ᠬᠠᠶ᠋ᠢᠭ᠄ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠳᠠᠯ ᠦᠢᠯᠡᠰ | ᠴᠣᠭᠴᠠᠯᠠᠬᠤ ᠲᠥᠪ ᠤᠨ ᠵᠥᠭᠡᠯᠡᠨ ᠲᠣᠨᠤᠭ ᠤᠨ ᠬᠦᠷᠢᠶᠡᠯᠡᠩ ᠤᠨ A ᠰᠠᠭᠤᠳᠠᠯ 506 ᠥᠷᠥᠭᠡ |