3 ᠰᠠᠷ᠎ᠠ ᠶᠢᠨ 3 ᠤ ᠡᠳᠦᠷ᠂ ᠣᠷᠣᠨ ᠤ ᠨᠠᠮ ᠤᠨ ᠠᠵᠢᠯ ᠤᠨ ᠬᠤᠷᠢᠶ᠎ᠠ ᠬᠤᠷᠠᠯ ᠬᠤᠷᠠᠯᠳᠤᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠤᠬᠠᠢ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠮᠠᠨ ᠤ ᠣᠷᠣᠨ ᠤ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ | ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠵᠠᠬ᠎ᠠ | ᠳᠡᠯᠭᠡᠭᠦᠷ ᠤᠨ ᠢᠲᠡᠭᠡᠯ ᠢ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ 2 ᠰᠠᠷ᠎ᠠ ᠶᠢᠨ 28 ᠤ ᠡᠳᠦᠷ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠣᠨᠣᠪᠴᠢᠲᠠᠢ ᠡᠵᠡᠮᠳᠡᠵᠦ᠂ ᠪᠦᠬᠦ ᠬᠦᠴᠦᠨ ᠢᠶᠠᠷ ᠢᠶᠠᠨ | ᠠᠷᠠᠯᠵᠢᠶᠠᠴᠢᠨ ᠤᠷᠢᠬᠤ ᠶᠢ ᠠᠳᠬᠤᠵᠤ᠂ ᠠᠵᠢᠯ ᠡᠬᠢᠯᠡᠭᠦᠯᠬᠦ ᠶᠢ ᠠᠬᠢᠭᠤᠯᠵᠤ᠂ ᠪᠠᠲᠤᠯᠠᠭ᠎ᠠ ᠶᠢ ᠴᠢᠩᠭᠠᠳᠬᠠᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ | ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠴᠣᠭᠴᠠ ᠶᠢᠨ ᠤᠯᠤᠰ ᠤᠨ ᠠᠮᠤᠷ | ᠲᠦᠪᠰᠢᠨ ᠤ ᠦᠵᠡᠯᠲᠡ ᠶᠢ ᠪᠠᠲᠤ ᠪᠤᠢ ᠪᠣᠯᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠠᠶᠤᠯᠭᠦᠢ ᠦᠢᠯᠡᠳᠪᠦᠷᠢᠯᠡᠯ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠭᠡᠮ ᠤᠨ ᠵᠠᠰᠠᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ | ᠴᠢᠩᠭ᠎ᠠ ᠠᠩᠬᠠᠷᠴᠤ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠬᠤ | ᠬᠡᠷᠡᠭᠲᠡᠢ ᠭᠡᠪᠡ᠃ | ᠬᠤᠷᠠᠯ ᠠᠴᠠ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠭᠡᠷᠡᠴᠢᠯᠡᠯᠲᠡ ᠶᠢᠨ ᠵᠣᠷᠢᠭ | ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠵᠣᠬᠢᠶᠠᠨ ᠪᠠᠶᠢᠭᠤᠯᠬᠤ ᠠᠵᠢᠯ ᠤᠨ | ᠪᠦᠬᠦ ᠶᠠᠪᠤᠴᠠ ᠡᠯ᠎ᠡ ᠲᠠᠯ᠎ᠠ ᠳᠤ ᠨᠠᠶᠢᠳᠠᠪᠤᠷᠢᠵᠢᠭᠤᠯᠬᠤ ᠶᠢ ᠴᠢᠬᠤᠯᠠᠴᠢᠯᠠᠪᠠ᠃ | ᠬᠤᠷᠠᠯ ᠠᠴᠠ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠤᠬᠠᠭᠤᠯᠬᠤ ᠬᠡᠯᠲᠡᠰ ᠤᠨ ᠳᠠᠷᠤᠭ᠎ᠠ | ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ | ᠰᠦᠭ ᠰᠦᠨᠡᠰᠦ ᠪᠠᠨ ᠱᠤᠭᠤᠬᠤ ᠶᠢ ᠪᠠᠷᠢᠮᠲᠠᠯᠠᠵᠤ᠂ ᠢᠳᠡᠪᠬᠢᠲᠡᠢ ᠥᠭᠡᠳᠡᠯᠡᠨ ᠲᠠᠪᠰᠢᠬᠤ ᠶᠠᠷᠢᠶ᠎ᠠ ᠬᠡᠯᠡᠯᠴᠡᠭᠡᠨ ᠤ | ᠵᠢᠯᠤᠭᠤᠳᠤᠯᠭ᠎ᠠ ᠶᠢ ᠤᠬᠠᠭᠤᠯᠭ᠎ᠠ ᠶᠢᠨ ᠠᠵᠢᠯ ᠤᠨ ᠪᠦᠬᠦ ᠶᠠᠪᠤᠴᠠ ᠪᠦᠬᠦᠨ ᠳᠤ ᠲᠤᠭᠤᠰᠢᠯᠠᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠳᠡᠭᠡᠳᠦ ᠰᠢᠨ᠎ᠡ ᠮᠡᠷᠭᠡᠵᠢᠯ ᠤᠨ ᠣᠷᠣᠨ᠂ | ᠬᠠᠤᠯᠢᠵᠢᠯ ᠤᠨ ᠳᠡᠭᠡᠳᠦ ᠰᠢᠨ᠎ᠡ ᠮᠡᠷᠭᠡᠵᠢᠯ ᠤᠨᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠴᠢᠨᠠᠷ | ᠰᠠᠶᠢᠲᠠᠶ ᠬᠠᠤᠯᠢ ᠪᠠᠷ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ | ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |