ᠤᠶᠤᠨᠲᠤ ᠡᠭᠦᠳᠡᠨ ᠫᠠᠶᠢᠰᠠ ᠶᠢᠨ ᠪᠣᠯᠪᠠᠰᠤᠷᠠᠯ ᠤᠨ ᠬᠤᠷᠠᠯ ᠨᠢ ᠵᠡᠭᠡᠯᠢ ᠭᠤᠳᠤᠮᠵᠢ ᠶᠢᠨ ᠪᠦᠬᠦᠨ ᠢ ᠬᠠᠮᠤᠷᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/3/4
    ᠲᠣᠣᠷᠵᠢᠭᠤᠯᠤᠭᠰᠠᠨ ᠦᠢᠯᠡᠴᠢᠯᠡᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠬᠦ ᠶᠢᠨ ᠲᠥᠯᠥᠭᠡ᠂ 2025 ᠣᠨ ᠤ 2 ᠰᠠᠷ᠎ᠠ ᠶᠢᠨ 27 ᠤ ᠡᠳᠦᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠣᠯᠣᠨ ᠮᠢᠨ ᠰᠢᠨ ᠵᠠᠮ ᠤᠨ ᠵᠡᠭᠡᠯᠢ ᠭᠤᠳᠤᠮᠵᠢ ᠲᠠᠢ ᠬᠠᠮᠲᠤᠪᠠᠷ ︽ᠣᠶᠤᠨᠲᠤ ᠡᠭᠦᠳᠡᠨ ᠫᠠᠶᠢᠰᠠ ᠶᠢᠨ ᠰᠢᠰᠲ᠋ᠧᠮ ᠤᠨ ᠬᠡᠷᠡᠭᠯᠡᠭᠡᠨ ᠤ ᠪᠣᠯᠪᠠᠰᠤᠷᠠᠯ ᠤᠨ ᠬᠤᠷᠠᠯ︾ ᠢ ᠡᠷᠬᠢᠯᠡᠪᠡ᠃ ᠲᠣᠰ ᠤᠳᠠᠭᠠᠨ ᠤ ᠬᠤᠷᠠᠯ ᠨᠢ ᠡᠯ᠎ᠡ ᠨᠡᠶᠢᠭᠡᠮ ᠲᠣᠭᠤᠷᠢᠭ ᠤᠨ ᠠᠵᠢᠯᠲᠠᠳ ᠲᠤ ︽ᠤᠶᠤᠨᠲᠤ ᠡᠭᠦᠳᠡᠨ ᠫᠠᠶᠢᠰᠠ︾ ᠶᠢᠨ ᠴᠢᠳᠠᠮᠵᠢ ᠪᠠ ᠠᠷᠤ ᠲᠠᠪᠴᠠᠩ ᠤᠨ ᠠᠵᠢᠯᠯᠠᠭ᠎ᠠ ᠶᠢ ᠪᠥᠬᠦ ᠲᠠᠯ᠎ᠠ ᠪᠠᠷ ᠣᠶᠢᠯᠠᠭᠠᠭᠤᠯᠵᠤ᠂ ᠳᠠᠭᠤᠷᠢᠶᠠᠮᠠᠯ ᠠᠵᠢᠯᠯᠠᠭ᠎ᠠ ᠪᠠᠷ ᠳᠠᠮᠵᠢᠭᠤᠯᠤᠨ ᠠᠵᠢᠯᠯᠠᠬᠤ ᠶᠠᠪᠤᠴᠠ ᠶᠢ ᠡᠵᠡᠮᠰᠢᠵᠦ᠂ ︽ᠤᠶᠤᠨᠲᠤ ᠡᠭᠦᠳᠡᠨ ᠫᠠᠶᠢᠰᠠ︾ ᠶᠢᠨ ᠮᠢᠨ ᠰᠢᠨ ᠵᠠᠮ ᠤᠨ ᠵᠡᠭᠡᠯᠢ ᠭᠤᠳᠤᠮᠵᠢ ᠳᠤ ᠳᠡᠯᠭᠡᠷᠡᠭᠦᠯᠬᠦ ᠪᠠ ᠬᠡᠷᠡᠭᠯᠡᠬᠦ ᠶᠢ ᠠᠬᠢᠭᠤᠯᠬᠤ ᠶᠢᠨ ᠲᠥᠯᠥᠭᠡ ᠶᠤᠮ᠃     ︽ᠤᠶᠤᠨᠲᠤ ᠡᠭᠦᠳᠡᠨ ᠫᠠᠶᠢᠰᠠ︾ ᠶᠢ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠭᠠᠷᠳᠠᠴᠠ ᠪᠣᠯᠭᠠᠵᠤ᠂ ᠬᠤᠲᠠ ᠶᠢᠨ ᠬᠠᠮᠢᠶᠠᠷᠤᠯᠲᠠ ᠶᠢᠨ ᠨᠠᠷᠢᠯᠢᠬᠵᠢᠭᠤᠯᠤᠭᠰᠠᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ ᠴᠢᠳᠠᠨ᠎ᠠ᠃ ︽ᠤᠶᠤᠨᠲᠤ ᠡᠭᠦᠳᠡᠨ ᠫᠠᠶᠢᠰᠠ︾ ᠪᠠᠷ ᠳᠠᠮᠵᠢᠭᠤᠯᠤᠨ᠂ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠤ ᠬᠠᠷᠢᠯᠴᠠᠬᠤ ᠠᠷᠭ᠎ᠠ ᠮᠠᠶ᠋ᠢᠭ᠂ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ︾ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢ ᠲᠦᠷᠭᠡᠨ ᠣᠯᠵᠤ ᠪᠣᠯᠤᠨ᠎ᠠ᠃ ᠡᠭᠦᠨ ᠠᠴᠠ ᠭᠠᠳᠠᠨ᠎ᠠ᠂ ᠳᠣᠲᠣᠭᠠᠳᠤ ᠬᠤᠯᠪᠣᠯᠳᠤᠯ ᠨᠢ ︽ᠳᠡᠭᠡᠳᠦ ᠬᠡᠮᠵᠢᠶ᠎ᠡ ᠪᠠᠷ ᠡᠷᠭᠢᠯᠡᠬᠦ︾ ᠵᠢᠵᠢᠭ ᠲᠠᠰ ᠳᠠᠷᠠᠭᠠᠯᠠᠯ ᠳᠤ ᠦᠰᠦᠷᠴᠦ ᠰᠢᠯᠵᠢᠵᠦ᠂ ᠰᠠᠭᠤᠭᠠᠯᠢ ᠠᠷᠠᠳ ᠤᠨ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠵᠦᠢᠯᠡᠰ ᠢ ᠠᠰᠠᠭᠤᠨ ᠯᠠᠪᠯᠠᠬᠤ ᠪᠠ ᠭᠦᠢᠴᠡᠳᠬᠡᠬᠦ ᠳᠤ ᠲᠥᠬᠦᠮ ᠦᠵᠡᠭᠦᠯᠵᠦ ᠪᠣᠯᠤᠨ᠎ᠠ᠃     ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠨᠢ ᠬᠤᠷᠠᠯ ᠳᠤ ᠣᠷᠣᠯᠴᠠᠭᠰᠠᠳ ᠤᠨ ︽ᠤᠶᠤᠨᠲᠤ ᠡᠭᠦᠳᠡᠨ ᠫᠠᠶᠢᠰᠠ︾ ᠶᠢᠨ ᠰᠢᠰᠲ᠋ᠧᠮ ᠤᠨ ᠲᠤᠬᠠᠶ ᠣᠶᠢᠯᠠᠭᠠᠯᠲᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠲᠡᠳᠡᠨ ᠤ ᠠᠵᠢᠯᠯᠠᠬᠤ ᠤᠷ᠎ᠠ ᠴᠢᠳᠠᠪᠤᠷᠢ ᠶᠢ ᠨᠡᠮᠡᠭᠳᠡᠭᠦᠯᠦᠭᠰᠡᠨ ᠪᠠᠶᠢᠨ᠎ᠠ᠃ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠲᠥᠪ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ︽ᠤᠶᠤᠨᠲᠤ ᠡᠭᠦᠳᠡᠨ ᠫᠠᠶᠢᠰᠠ︾ ᠶᠢ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠬᠡᠪᠴᠢᠶᠡᠨ ᠳᠤ ᠳᠡᠯᠭᠡᠷᠡᠭᠦᠯᠬᠦ ᠠᠵᠢᠯ ᠢ ᠲᠦᠷᠭᠡᠳᠬᠡᠨ ᠠᠬᠢᠭᠤᠯᠵᠤ᠂ ᠡᠨᠡ ᠬᠦ ᠰᠢᠨ᠎ᠡ ᠶᠢ ᠡᠭᠦᠳᠬᠦ ᠪᠠᠭᠠᠵᠢ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠠᠩ ᠰᠠᠶᠢᠨ ᠦᠢᠯᠡᠴᠢᠯᠡᠬᠦ ᠶᠢ ᠦᠨᠡᠨ ᠬᠦ ᠪᠠᠲᠤᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠪᠠ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠎ᠡ ᠭᠡᠵᠡᠶ᠃ ᠣᠶᠤᠨᠴᠢ ᠡᠭᠦᠳᠡᠨ ᠫᠠᠶᠢᠰᠠ ᠶᠢ ᠪᠥᠬᠦ ᠣᠷᠣᠨ ᠪᠦᠰᠡᠵᠢᠭᠦᠯᠦᠭᠰᠡᠨ ᠨᠢ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠬᠢᠨ ᠣᠶᠤᠨᠴᠢ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠯᠠᠪᠳᠠᠭᠤᠨ ᠪᠠᠲᠤᠲᠠᠶ ᠨᠢᠭᠡ ᠠᠯᠬᠤᠮ ᠠᠯᠬᠤᠭᠰᠠᠨ ᠢ ᠬᠠᠷᠠᠭᠤᠯᠵᠤ᠂ ᠢᠷᠡᠭᠡᠳᠦᠶ ᠶᠢᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠪᠠ ᠦᠢᠯᠡᠴᠢᠯᠡᠭᠡ ᠳᠤ ᠰᠢᠨ᠎ᠡ ᠰᠡᠳᠬᠢᠴᠡ ᠪᠠ ᠪᠠᠭᠠᠵᠢ ᠬᠠᠩᠭᠠᠭᠰᠠᠨ ᠪᠠᠶᠢᠨ᠎ᠠ᠃
 
ᠢᠷᠡᠯᠲᠡ᠄ ᠮᠢᠨ ᠰᠢᠨ ᠵᠠᠮ ᠤᠨ ᠵᠡᠭᠡᠯᠢ ᠭᠤᠳᠤᠮᠵᠢ  ᠶᠢᠨ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号