ᠨᠡᠶᠢᠲᠡ ᠶᠢᠨ WIFI ᠨᠢ ᠬᠡᠳᠦ᠋ᠢᠪᠡᠷ ᠬᠡᠷᠡᠭᠯᠡᠬᠦ ᠳᠤ ᠳᠥᠭᠦᠮ ᠪᠤᠯᠪᠠᠴᠤ ᠪᠠᠰᠠ ᠴᠥᠭᠡᠨ ᠪᠤᠰᠤ ᠠᠮᠤᠷ | ᠲᠦᠪᠰᠢᠨ ᠤ ᠭᠡᠮ ᠰᠣᠭᠤᠭ ᠣᠷᠣᠰᠢᠵᠤ ᠪᠠᠶᠢᠬᠤ ᠪᠣᠯᠬᠤᠷ ᠬᠢᠴᠢᠶᠡᠬᠦ ᠦᠭᠡᠢ ᠪᠣᠯ ᠮᠡᠬᠡᠯᠡᠭᠴᠢ ᠶᠢᠨ ᠤᠷᠠᠬ᠎ᠠ ᠳᠤ | ᠤᠨᠠᠨ᠎ᠠ᠃ ᠵᠠᠩ ᠬᠠᠲᠤᠭᠲᠠᠢ ᠳᠡᠯᠭᠡᠭᠦᠷ ᠲᠣᠭᠤᠷᠢᠵᠤ ᠪᠠᠶᠢᠬᠤ ᠳᠠᠭᠠᠨ ᠳᠡᠯᠭᠡᠭᠦᠷ ᠤᠨ ᠨᠢᠭᠡᠨ ᠨᠢᠭᠤᠴᠠ ᠨᠣᠮᠧᠷ | ᠦᠭᠡᠢ WIFI ᠶᠢ ᠵᠠᠯᠭᠠᠭᠠᠳ ᠭᠠᠷ ᠤᠲᠠᠰᠤᠨ ᠪᠠᠩᠬᠢ ᠪᠠᠷ ᠲᠣᠭᠠᠴᠠᠭ᠎ᠠ ᠬᠢᠵᠦ᠂ ᠨᠢᠭᠡ ᠵᠠᠬ᠎ᠠ ᠬᠤᠪᠴᠠᠰᠤ | ᠬᠤᠳᠠᠯᠳᠤᠨ ᠠᠪᠴᠠᠢ᠃ ᠳᠡᠮᠡᠢ ᠤᠳᠠᠭᠰᠠᠨ ᠦᠭᠡᠢ ᠵᠠᠩ ᠬᠠᠲᠤᠭᠲᠠᠢ ᠭᠠᠷ ᠤᠲᠠᠰᠤᠨ ᠤ ᠣᠬᠤᠷ ᠮᠡᠳᠡᠭᠡ ᠶᠢ | ᠣᠯᠠᠨᠲᠠ ᠲᠤᠰᠪᠠ᠂ ᠲᠡᠷᠡ ᠣᠬᠤᠷ ᠮᠡᠳᠡᠭᠡ ᠶᠢᠨ ᠰᠠᠨᠠᠭᠤᠯᠤᠮᠵᠢ ᠶᠢ ᠦᠵᠡᠭᠰᠡᠨ ᠴᠢᠨᠢ ᠲᠡᠭᠦᠨ ᠤ ᠢᠲᠡᠭᠡᠮᠵᠢ ᠶᠢᠨ | ᠺᠠᠷᠲ ᠠᠴᠠ ᠤᠷᠢᠳ ᠬᠤᠵᠢᠳ 9000 ᠭᠠᠷᠤᠢ ᠲᠥᠭᠦᠷᠢᠭ ᠬᠤᠯᠠᠭᠠᠶᠢᠯᠠᠨ ᠰᠢᠷᠪᠢᠭᠰᠡᠨ ᠢ ᠣᠯᠵᠤ ᠮᠡᠳᠡᠵᠡᠢ᠃ ᠯᠢ | ᠠᠪᠤᠭᠠᠢ ᠭᠠᠷ ᠤᠲᠠᠰᠤ ᠪᠠᠨ ᠠᠦ᠋ᠲ᠋ᠣ᠋ ᠬᠠᠶᠢᠯᠲᠠ ᠪᠠᠷ WIFI ᠶᠢ ᠠᠶᠠᠨᠳᠠᠭᠠᠨ ᠬᠤᠯᠪᠣᠬᠤ ᠪᠣᠯᠭᠠᠨ ᠲᠣᠬᠢᠷᠠᠭᠤᠯᠪᠠ᠃ | ᠨᠢᠭᠡᠨ ᠡᠳᠦᠷ ᠭᠠᠳᠠᠨ᠎ᠠ ᠬᠤᠭᠤᠯᠠ ᠢᠳᠡᠵᠦ ᠪᠠᠶᠢᠬᠤ ᠳᠤ ᠲᠡᠭᠦᠨ ᠤ ᠭᠠᠷ ᠤᠲᠠᠰᠤ ᠨᠢ ᠠᠦ᠋ᠲ᠋ᠣ᠋ ᠬᠠᠶᠢᠯᠲᠠ ᠪᠠᠷ | ᠨᠢᠭᠤᠴᠠ ᠨᠣᠮᠧᠷ ᠦᠭᠡᠢ ᠪᠥᠭᠡᠳ ᠦᠨ᠎ᠡ ᠲᠥᠯᠥᠪᠦᠷᠢ ᠦᠭᠡᠢ WIFI ᠶᠢ ᠵᠠᠯᠭᠠᠭᠰᠠᠨ ᠪᠠᠶᠢᠯ᠎ᠠ᠃ ᠲᠣᠰ | WIFI ᠶᠢ ᠬᠡᠷᠡᠭᠯᠡᠵᠦ ᠪᠠᠶᠢᠬᠤ ᠬᠤᠭᠤᠴᠠᠭᠠᠨ ᠳᠤ᠂ ᠯᠢ ᠠᠪᠤᠭᠠᠢ ᠥᠪᠡᠷ ᠤᠨ ᠭᠠᠷ ᠤᠲᠠᠰᠤᠨ ᠤ ᠰᠦᠯᠵᠢᠶᠡᠨ | ᠪᠠᠩᠬᠢ ᠳᠡᠭᠡᠷ᠎ᠡ ᠭᠠᠷᠤᠭᠰᠠᠨ ᠪᠥᠭᠡᠳ ᠪᠠᠩᠬᠢ ᠶᠢᠨ ᠺᠠᠷᠲ ᠤᠨ ᠨᠣᠮᠧᠷ ᠵᠢᠴᠢ ᠨᠢᠭᠤᠴᠠ ᠨᠣᠮᠧᠷ ᠢᠶᠠᠨ ᠣᠷᠣᠭᠤᠯᠵᠤ | ᠪᠠᠩᠬᠢ ᠶᠢᠨ ᠺᠠᠷᠲ ᠤᠨ ᠲᠠᠩᠰᠠᠨ ᠡᠷᠦᠭᠡ ᠶᠢᠨ ᠦᠯᠡᠳᠡᠪᠦᠷᠢ ᠵᠣᠭᠤᠰ ᠢᠶᠠᠨ ᠪᠠᠶᠢᠴᠠᠭᠠᠨ ᠯᠠᠪᠯᠠᠪᠠ᠃ ᠳᠠᠷᠠᠭ᠎ᠠ | ᠡᠳᠦᠷ ᠨᠢ ᠲᠡᠷᠡ 3000 ᠲᠥᠭᠦᠷᠢᠭ ᠵᠠᠷᠤᠪᠠ ᠭᠡᠰᠡᠨ ᠭᠠᠷ ᠤᠲᠠᠰᠤᠨ ᠤ ᠣᠬᠤᠷ ᠮᠡᠳᠡᠭᠡ ᠪᠣᠯᠣᠨ ᠪᠠᠩᠬᠢ ᠶᠢᠨ | ᠺᠠᠷᠲ ᠠᠴᠠ ᠨᠢ ᠵᠣᠭᠤᠰ ᠰᠢᠯᠵᠢᠭᠦᠯᠦᠭᠰᠡᠨ ᠪᠠ ᠬᠡᠷᠡᠭᠯᠡᠭᠰᠡᠨ ᠣᠬᠤᠷ ᠮᠡᠳᠡᠭᠡ ᠶᠢ ᠣᠯᠵᠤ ᠳᠤᠰᠤᠭᠰᠠᠨ ᠪᠠᠶᠢᠨ᠎ᠠ᠃ | ᠲᠡᠭᠡᠪᠡᠯ ᠪᠢᠳᠡ ᠡᠶᠢᠮᠦᠷᠬᠦᠦ ᠶᠠᠪᠤᠳᠠᠯ ᠢ ᠶᠠᠭᠠᠬᠢᠵᠤ ᠰᠡᠷᠭᠡᠶᠢᠯᠡᠬᠦ ᠪᠤᠢ︖ 1. ᠢᠷᠡᠯ ᠭᠠᠷᠤᠯ ᠨᠢ ᠲᠣᠳᠣᠷᠬᠠᠢ ᠦᠭᠡᠢ | WIFI ᠶᠢ ᠳᠤᠷ᠎ᠠ ᠪᠠᠷ ᠢᠶᠠᠨ ᠵᠠᠯᠭᠠᠵᠤ ᠪᠤᠯᠬᠤ ᠦᠭᠡᠢ᠂ ᠢᠯᠠᠩᠭᠤᠶ᠎ᠠ ᠦᠨ᠎ᠡ ᠲᠥᠯᠥᠪᠦᠷᠢ ᠦᠭᠡᠢ ᠪᠥᠭᠡᠳ | ᠨᠢᠭᠤᠴᠠ ᠨᠣᠮᠧᠷ ᠴᠦ ᠬᠡᠷᠡᠭᠰᠡᠬᠦ ᠦᠭᠡᠢ WIFI ᠶᠢ ᠵᠠᠯᠭᠠᠬᠤ ᠦᠭᠡᠢ᠃ 2. ᠨᠡᠶᠢᠲᠡ ᠶᠢᠨ WIFI ᠶᠢ ᠬᠡᠷᠡᠭᠯᠡᠬᠦ | ᠦᠶ᠎ᠡ ᠳᠤ᠂ ᠬᠠᠮᠤᠭ ᠰᠠᠶᠢᠨ ᠨᠢ ᠬᠤᠳᠠᠯᠳᠤᠭᠠᠴᠢᠨ ᠠᠴᠠ WIFI ᠶᠢᠨ ᠪᠣᠳᠠᠲᠠᠢ ᠨᠡᠷᠡᠶᠢᠳᠦᠯ ᠢ ᠯᠠᠪᠯᠠᠨ ᠠᠰᠠᠭᠤᠵᠤ᠂ | ᠰᠠᠨᠠᠮᠰᠠᠷ ᠦᠭᠡᠢ ᠪᠠᠷ ᠬᠠᠤᠯᠢ ᠪᠤᠰᠤ ᠡᠲᠡᠭᠡᠳ ᠤᠨ WIFI ᠲᠠᠢ ᠵᠠᠯᠭᠠᠵᠤ᠂ ᠵᠣᠭᠤᠰ ᠮᠥᠩᠭᠦᠨ ᠤ ᠬᠤᠬᠢᠷᠠᠯ | ᠤᠴᠠᠷᠠᠬᠤ᠂ ᠨᠢᠭᠤᠴᠠ ᠨᠣᠮᠧᠷ᠂ ᠭᠡᠷ ᠪᠦᠯᠢ ᠶᠢᠨ ᠬᠠᠶ᠋ᠢᠭ ᠵᠡᠷᠭᠡ ᠬᠤᠪᠢ ᠶᠢᠨ ᠨᠢᠭᠤᠴᠠ ᠮᠡᠳᠡᠭᠡ ᠵᠠᠩᠭᠢ ᠶᠢ | ᠵᠠᠳᠠᠷᠠᠭᠤᠯᠬᠤ ᠠᠴᠠ ᠵᠠᠶᠢᠯᠠᠰᠬᠢᠨ᠎ᠡ᠃ 3. ᠨᠡᠶᠢᠲᠡ ᠶᠢᠨ WIFI ᠶᠢ ᠬᠡᠷᠡᠭᠯᠡᠬᠦ ᠳᠡᠭᠡᠨ ᠰᠦᠯᠵᠢᠶᠡᠨ ᠪᠠᠩᠬᠢ᠂ | ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠬᠤ ᠲᠠᠩᠰᠠᠨ ᠨᠣᠮᠧᠷ ᠵᠡᠷᠭᠡ ᠠᠵᠢᠯᠯᠠᠭ᠎ᠠ ᠬᠢᠬᠦ ᠠᠴᠠ | ᠵᠠᠶᠢᠯᠠᠰᠬᠢᠬᠦ ᠶᠢᠨ ᠬᠠᠮᠲᠤ᠂ ᠰᠦᠯᠵᠢᠶᠡᠨ ᠳᠤ ᠭᠠᠷᠬᠤ ᠳᠠᠳᠬᠠᠯ ᠢ ᠠᠩᠬᠠᠷᠤᠨ᠂ ᠭᠠᠷ ᠤᠲᠠᠰᠤ᠂ ᠺᠤᠮᠫᠢᠦ᠋ᠲ᠋ᠧᠷ ᠲᠤ | ᠠᠮᠤᠷ ᠲᠦᠪᠰᠢᠨ ᠤ ᠰᠢᠷᠪᠢᠯᠲᠡ ᠬᠢᠬᠦ ᠬᠡᠷᠡᠭᠲᠡᠢ᠃ 4. ᠭᠠᠷ ᠤᠲᠠᠰᠤ ᠶᠢᠨ ᠠᠦ᠋ᠲ᠋ᠣ᠋ ᠬᠠᠶᠢᠯᠲᠠ ᠪᠠᠷ WIFI ᠶᠢ | ᠵᠠᠯᠭᠠᠬᠤ ᠴᠢᠳᠠᠮᠵᠢ ᠪᠠᠨ ᠬᠠᠭᠠᠵᠤ᠂ ᠰᠠᠨᠠᠮᠰᠠᠷ ᠦᠭᠡᠢ ᠪᠠᠷ ᠤᠷᠠᠬ᠎ᠠ ᠮᠡᠭᠡ ᠲᠠᠢ WIFI ᠶᠢ ᠵᠠᠯᠭᠠᠬᠤ ᠶᠢ | ᠰᠡᠷᠭᠡᠶᠢᠯᠡᠨ᠎ᠡ᠂ ᠬᠡᠷᠪᠡ WIFI ᠵᠠᠯᠭᠠᠭᠠᠳ ᠵᠠᠷ ᠮᠡᠳᠡᠭᠡ ᠪᠤᠶᠤ ᠥᠯᠥ ᠮᠡᠳᠡᠬᠦ ᠰᠦᠯᠵᠢᠶᠡᠨ ᠬᠠᠶ᠋ᠢᠭ ᠢᠯᠡᠷᠡᠭᠰᠡᠨ | ᠪᠠᠶᠢᠪᠠᠯ ᠪᠢᠲᠡᠭᠡᠢ ᠲᠣᠪᠴᠢᠳᠠᠭᠠᠷᠠᠢ᠃ |