2 ᠳ᠋ᠤᠭᠠᠷ ᠰᠠᠷ᠎ᠠ ᠶᠢᠨ 23 ᠤ ᠡᠳᠦᠷ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠪᠣᠯᠬᠤ ︽ᠬᠥᠳᠡᠭᠡ | ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠨᠡᠶᠢᠲᠡᠯᠡᠪᠡ᠃ ᠲᠥᠷᠥ ᠶᠢᠨ ᠶᠠᠪᠤᠳᠠᠯ ᠤᠨ | ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 2 ᠳ᠋ᠤᠭᠠᠷ ᠰᠠᠷ᠎ᠠ ᠶᠢᠨ 24 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠭᠤᠯᠵᠤ᠂ ᠲᠥᠪ ᠤᠨ ᠡᠳ᠋ ᠤᠨ ᠵᠠᠰᠠᠭ ᠤᠨ ᠵᠦᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ | ᠬᠤᠪᠢᠳᠠᠨ ᠬᠠᠮᠢᠶᠠᠷᠬᠤ ᠳᠡᠳ᠋ ᠡᠷᠬᠢᠯᠡᠭᠴᠢ᠂ ᠲᠥᠪ ᠤᠨ ᠬᠥᠳᠡᠭᠡ ᠲᠤᠰᠬᠤᠨ ᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠬᠠᠨ ᠸᠧᠨ ᠰᠢᠤ᠂ ᠲᠥᠪ ᠤᠨ ᠡᠳ᠋ ᠤᠨ ᠵᠠᠰᠠᠭ ᠤᠨ ᠵᠥᠪᠯᠡᠯ ᠤᠨ ᠠᠯᠪᠠᠨ | ᠭᠡᠷ ᠤᠨ ᠳᠡᠳ᠋ ᠡᠷᠬᠢᠯᠡᠭᠴᠢ᠂ ᠲᠥᠪ ᠤᠨ ᠬᠥᠳᠡᠭᠡ ᠲᠤᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠤᠨ ᠳᠡᠳ᠋ ᠡᠷᠬᠢᠯᠡᠭᠴᠢ ᠵᠦ ᠸᠧᠢ ᠳ᠋ᠦᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠨ᠂ ᠬᠥᠳᠡᠭᠡ ᠲᠣᠰᠬᠤᠨ ᠤ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ | ᠠᠩᠬᠠᠷᠤᠭᠤᠰᠢᠲᠠᠢ ᠴᠢᠬᠤᠯᠠ ᠵᠦᠢᠯ ᠤᠳ — | ᠰᠢᠯᠵᠢᠯᠲᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ | ᠣᠭᠵᠣᠮ ᠵᠣᠭᠰᠤᠭᠠᠬᠤ ᠦᠭᠡᠢ | ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ 5 ᠵᠢᠯ ᠤᠨ | ᠰᠢᠯᠵᠢᠯᠲᠡ ᠶᠢᠨ ᠬᠤᠭᠤᠴᠠᠭᠠᠨ ᠤ ᠬᠠᠮᠤᠭ ᠰᠡᠭᠦᠯᠴᠢ ᠶᠢᠨ ᠨᠢᠭᠡ ᠵᠢᠯ ᠪᠣᠯᠣᠨ᠎ᠠ᠃ ᠲᠥᠪ ᠤᠨ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠳᠤ ᠰᠢᠯᠵᠢᠯᠲᠡ ᠶᠢᠨ ᠬᠤᠭᠤᠴᠠᠭᠠᠨ ᠤ ᠳᠠᠷᠠᠭᠠᠬᠢ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢᠨ | ᠲᠣᠭᠲᠠᠯᠴᠠᠭ᠎ᠠ ᠶᠢ ᠰᠤᠳᠤᠯᠤᠨ ᠲᠣᠭᠲᠠᠭᠠᠬᠤ ᠠᠵᠢᠯ ᠢ ᠪᠠᠶᠢᠷᠢᠯᠠᠭᠤᠯᠪᠠ᠃ ᠬᠡᠪᠴᠢᠶᠡᠵᠢᠯ ᠤᠨ ᠴᠢᠨᠠᠷᠲᠠᠢ ᠪᠠᠷ ᠲᠠᠬᠢᠨ | ᠶᠠᠳᠠᠭᠤᠷᠠᠬᠤ ᠪᠠ ᠶᠠᠳᠠᠭᠤᠷᠠᠬᠤ ᠦᠭᠡᠢ ᠪᠠᠶᠢᠯᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠨᠢ ᠵᠥᠪᠬᠡᠨ ᠡᠨᠡ ᠵᠢᠯ ᠤᠨ | ᠣᠨ ᠤ ᠴᠢᠨᠠᠷᠲᠠᠢ ᠡᠭᠦᠷᠭᠡ ᠲᠡᠳᠦᠢ ᠪᠢᠰᠢ᠂ ᠰᠢᠯᠵᠢᠯᠲᠡ ᠶᠢᠨ ᠬᠤᠭᠤᠴᠠᠭ᠎ᠠ ᠥᠩᠭᠡᠷᠡᠭᠰᠡᠨ ᠤ ᠳᠠᠷᠠᠭ᠎ᠠ ᠴᠤ ᠡᠷᠬᠡᠪᠰᠢ | ᠤᠷᠳᠤ ᠬᠤᠭᠤᠴᠠᠭ᠎ᠠ ᠪᠠᠷ᠂ ᠥᠨᠢ ᠡᠭᠦᠷᠢᠳᠡ ᠪᠠᠲᠤ ᠰᠠᠬᠢᠬᠤ ᠬᠡᠷᠡᠭᠲᠡᠢ᠃ ᠰᠢᠯᠵᠢᠯᠲᠡ ᠶᠢᠨ ᠬᠤᠭᠤᠴᠠᠭ᠎ᠠ | ᠳᠠᠭᠤᠰᠤᠭᠰᠠᠨ ᠤ ᠳᠠᠷᠠᠭ᠎ᠠ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠣᠭᠵᠣᠮ ᠵᠣᠭᠰᠤᠭᠠᠬᠤ ᠦᠭᠡᠢ | ᠮᠦᠷᠲᠡᠭᠡᠨ ᠲᠥᠷᠥᠯ ᠬᠤᠪᠢᠶᠠᠨ ᠲᠡᠭᠦᠯᠳᠡᠷᠵᠢᠭᠦᠯᠵᠦ᠂ ᠪᠠᠶᠢᠩᠭᠤᠰᠢᠭᠰᠠᠨ ᠬᠠᠪᠰᠤᠷᠤᠨ ᠲᠡᠳᠬᠦᠬᠦ ᠳᠦᠷᠢᠮ ᠲᠣᠭᠲᠠᠴᠠ ᠶᠢ | ᠪᠠᠶᠢᠭᠤᠯᠵᠤ ᠪᠦᠷᠢᠨᠰᠢᠭᠦᠯᠦᠨ᠎ᠡ᠃ | ᠪᠡᠯᠡ ᠮᠥᠩᠭᠦᠨ ᠤ ᠣᠷᠣᠭᠤᠯᠤᠯᠲᠠ ᠪᠠᠨ ᠶᠡᠭᠡ ᠪᠠᠷ ᠨᠡᠮᠡᠭᠳᠡᠭᠦᠯᠵᠦ ᠪᠠᠶᠢᠭᠠᠳ ᠠᠮᠤ ᠪᠤᠳᠠᠭᠠᠨ ᠤ ᠭᠤᠣᠯ ᠤᠨᠠᠯᠲᠠ ᠶᠢᠨ | ᠣᠷᠣᠨ ᠪᠠ ᠠᠮᠤ ᠪᠤᠳᠠᠭᠠᠨ ᠤ ᠤᠨᠠᠯᠲᠠ ᠶᠢᠨ ᠲᠣᠮᠣ ᠰᠢᠶᠠᠨ ᠢ ᠳᠡᠮᠵᠢᠬᠦ ᠠᠵᠢᠯ ᠢᠶᠠᠨ ᠴᠢᠩᠭᠠᠷᠠᠭᠤᠯᠤᠨ᠎ᠠ | ᠦᠨ᠎ᠡ ᠬᠠᠩᠰᠢ ᠶᠢᠨ ᠲᠠᠯ᠎ᠠ ᠪᠠᠷ᠂ ᠲᠤᠲᠤᠷᠭ᠎ᠠ᠂ ᠪᠤᠭᠤᠳᠠᠢ ᠬᠤᠳᠠᠯᠳᠤᠨ ᠠᠪᠬᠤ ᠬᠠᠮᠤᠭ ᠳᠣᠣᠷ᠎ᠠ ᠦᠨ᠎ᠡ ᠶᠢᠨ | ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠾᠧᠨᠠᠨ᠂ ᠵᠢᠶᠠᠩᠰᠤ᠂ ᠬᠠᠷᠠᠮᠥ᠋ᠷᠡᠨ᠂ ᠠᠨᠾᠦ᠋ᠢ ᠲᠦᠷᠪᠡᠨ ᠮᠤᠵᠢ ᠳᠤ | ᠲᠤᠲᠤᠷᠭ᠎ᠠ ᠶᠢ ᠤᠯᠤᠰ ᠤᠨ ᠨᠥᠭᠡᠴᠡ ᠳᠤ ᠲᠦᠰᠢᠭᠯᠡᠨ ᠬᠠᠮᠤᠭ ᠳᠣᠣᠷ᠎ᠠ ᠦᠨ᠎ᠡ ᠶᠢ ᠳᠣᠪᠤᠶᠢᠯᠭᠠᠵᠤ ᠬᠤᠳᠠᠯᠳᠤᠨ ᠠᠪᠬᠤ | ᠠᠵᠢᠯ ᠢ ᠡᠬᠢᠯᠡᠭᠦᠯᠦᠨ᠂ ᠪᠤᠭᠤᠳᠠᠢ᠂ ᠡᠷᠳᠡᠨᠢ ᠰᠢᠰᠢ ᠬᠤᠳᠠᠯᠳᠤᠨ ᠠᠪᠴᠤ ᠨᠥᠭᠡᠴᠡᠯᠡᠬᠦ ᠡᠷᠴᠢᠮ ᠢᠶᠠᠨ ᠴᠢᠩᠭᠠᠷᠠᠭᠤᠯᠵᠤ᠂ | ᠰᠢᠷ᠎ᠠ ᠪᠤᠷᠴᠠᠭ ᠤᠨ ᠪᠣᠷᠤᠯᠠᠭᠤᠯᠭ᠎ᠠ ᠪᠠ ᠡᠳ᠋ᠰᠢᠭᠦᠯᠦᠨ ᠪᠣᠯᠪᠠᠰᠤᠷᠠᠭᠤᠯᠵᠤ ᠤᠯᠠᠷᠢᠭᠤᠯᠬᠤ ᠶᠢ ᠠᠬᠢᠭᠤᠯᠵᠤ᠂ ᠵᠠᠬ᠎ᠠ | ᠳᠡᠯᠭᠡᠭᠦᠷ ᠤᠨ ᠦᠨ᠎ᠡ ᠬᠠᠩᠰᠢ ᠶᠢ ᠲᠣᠭᠲᠠᠪᠤᠷᠢᠵᠢᠭᠤᠯᠤᠨ᠂ ᠠᠮᠤ ᠪᠤᠳᠠᠭ᠎ᠠ ᠬᠤᠳᠠᠯᠳᠤᠬᠤ ᠳᠤ ᠬᠦᠴᠢᠷ ᠪᠠᠶᠢᠳᠠᠯ | ᠭᠠᠷᠬᠤ ᠠᠴᠠ ᠰᠡᠷᠭᠡᠶᠢᠯᠡᠨ᠎ᠡ᠃ ᠨᠥᠬᠦᠪᠦᠷᠢ ᠶᠢᠨ ᠲᠠᠯ᠎ᠠ ᠪᠠᠷ᠂ ᠲᠠᠷᠢᠶᠠᠯᠠᠬᠤ ᠭᠠᠵᠠᠷ ᠤᠨ ᠬᠦᠷᠦᠰᠦ ᠰᠢᠷᠤᠢ ᠶᠢᠨ ᠰᠢᠮ᠎ᠡ | ᠴᠢᠨᠠᠷ ᠢ ᠬᠠᠮᠠᠭᠠᠯᠠᠬᠤ ᠳᠤ ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠣᠭᠲᠠᠪᠤᠷᠢᠵᠢᠭᠤᠯᠵᠤ᠂ | ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠦᠬᠦᠪᠦᠷᠢ ᠣᠯᠭᠤᠬᠤ᠂ ᠲᠤᠲᠤᠷᠭ᠎ᠠ ᠶᠢᠨ ᠨᠥᠬᠦᠪᠦᠷᠢ | ᠣᠯᠭᠤᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠣᠷᠣᠨ ᠨᠤᠲᠤᠭ ᠤᠨ ᠬᠢᠨ ᠤ ᠠᠮᠤ ᠲᠣᠰᠣᠨ ᠤ ᠲᠠᠷᠢᠮᠠᠯ ᠤᠨ | ᠲᠤᠰᠬᠠᠢ ᠵᠦᠢᠯ ᠤᠨ ᠵᠢᠭᠡᠯᠡᠯᠭᠡ ᠶᠢᠨ ᠳᠠᠮ ᠬᠦᠦ ᠥᠭᠬᠦ ᠲᠤᠷᠰᠢᠯᠲᠠ ᠶᠢᠨ ᠴᠡᠭ ᠥᠷᠨᠢᠭᠦᠯᠬᠦ ᠶᠢ ᠨᠢ ᠵᠣᠷᠢᠭᠵᠢᠭᠤᠯᠤᠨ᠎ᠠ᠃ | ᠡᠳᠡᠭᠡᠷ ᠲᠦᠷᠦ ᠶᠢᠨ ᠪᠣᠳᠣᠯᠭ᠎ᠠ ᠪᠠᠷ ᠳᠠᠮᠵᠢᠭᠤᠯᠤᠨ ᠲᠠᠷᠢᠶᠠᠴᠢᠳ ᠲᠤ ᠦᠨᠡᠨ ᠬᠦ ᠳᠡᠮᠵᠢᠯᠭᠡ ᠦᠵᠡᠭᠦᠯᠬᠦ ᠬᠡᠷᠡᠭᠲᠡᠢ᠃ | ᠳᠠᠭᠠᠳᠬᠠᠯ ᠤᠨ ᠲᠠᠯ᠎ᠠ ᠪᠠᠷ᠂ ᠠᠮᠤ ᠪᠤᠳᠠᠭᠠᠨ ᠤ ᠤᠨᠠᠯᠲᠠ ᠶᠢᠨ ᠲᠣᠮᠣ ᠰᠢᠶᠠᠨ ᠤ ᠲᠠᠷᠢᠶᠠᠯᠠᠩ ᠤᠨ ᠳᠠᠭᠠᠳᠬᠠᠯ ᠳᠤ | ᠰᠢᠶᠠᠨ ᠤ ᠱᠠᠲᠤᠨ ᠤ ᠳᠠᠭᠠᠳᠬᠠᠯ ᠤᠨ ᠰᠦᠢᠳᠬᠡᠯ ᠤᠨ ᠨᠥᠬᠦᠪᠦᠷᠢ ᠶᠢ ᠡᠭᠦᠷᠭᠡᠯᠡᠬᠦ ᠬᠠᠷᠢᠴᠠᠯ ᠢ ᠨᠢ ᠪᠠᠭᠤᠷᠠᠭᠤᠯᠵᠤ᠂ | ᠲᠤᠲᠤᠷᠭ᠎ᠠ᠂ ᠪᠤᠭᠤᠳᠠᠢ᠂ ᠡᠷᠳᠡᠨᠢ ᠰᠢᠰᠢ᠂ ᠰᠢᠷ᠎ᠠ ᠪᠤᠷᠴᠠᠭ ᠤᠨ ᠪᠦᠷᠢᠨ ᠥᠪᠡᠷ ᠤᠨ ᠦᠷᠳᠡᠭ ᠤᠨ ᠳᠠᠭᠠᠳᠬᠠᠯ ᠪᠠ | ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠪᠠᠨ ᠠᠬᠢᠭᠤᠯᠵᠤ᠂ ᠪᠠᠶᠢᠭᠠᠯᠢ ᠶᠢᠨ | ᠠᠶᠤᠯ ᠲᠦᠭᠰᠢᠭᠦᠷᠢ ᠶᠢ ᠰᠡᠷᠭᠡᠶᠢᠯᠡᠬᠦ ᠠᠴᠠ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠲᠡᠶᠢᠰᠢ | ᠥᠷᠭᠡᠳᠬᠡᠬᠦ ᠶᠢ ᠨᠢ ᠲᠦᠷᠭᠡᠳᠬᠡᠨ᠎ᠡ᠃ ᠡᠭᠦᠨ ᠤ ᠬᠠᠮᠲᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠠᠮᠤ ᠪᠤᠳᠠᠭᠠᠨ ᠤ | ᠠᠵᠢᠯ ᠢ ᠠᠳᠬᠤᠬᠤ ᠢᠳᠡᠪᠬᠢᠵᠢᠯ ᠢ ᠨᠢ ᠳᠠᠶᠢᠴᠢᠯᠠᠬᠤ ᠶᠢᠨ ᠲᠣᠭᠤᠷᠢᠨ ᠳᠤ᠂ ᠡᠨᠡ ᠵᠢᠯ ᠠᠮᠤ ᠪᠤᠳᠠᠭᠠᠨ ᠤ ᠤᠨᠠᠯᠲᠠ ᠶᠢᠨ | ᠲᠣᠮᠣ ᠰᠢᠶᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠬᠡᠷᠡᠭᠵᠢᠭᠦᠯᠬᠦ | ᠬᠡᠪᠴᠢᠶ᠎ᠡ ᠶᠢ ᠨᠢ ᠥᠷᠭᠡᠳᠬᠡᠵᠦ᠂ ᠲᠥᠪ ᠠᠴᠠ ᠨᠢᠭᠡᠳᠦᠯᠲᠡᠢ ᠲᠥᠯᠥᠪᠯᠡᠭᠰᠡᠨ ᠠᠮᠤ ᠪᠤᠳᠠᠭᠠᠨ ᠤ ᠦᠢᠯᠡᠳᠪᠦᠷᠢᠯᠡᠯ | ᠪᠣᠷᠤᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠬᠢ ᠬᠥᠨᠳᠡᠯᠡᠨ ᠴᠢᠭᠯᠡᠯ ᠢᠶᠠᠷ ᠠᠰᠢᠭ ᠲᠤᠰᠠ ᠶᠢ ᠨᠢ | ᠨᠦᠬᠦᠪᠦᠷᠢᠯᠡᠬᠦ ᠲᠣᠭᠲᠠᠴᠠ ᠶᠢ ᠡᠬᠢᠯᠡᠨ ᠬᠡᠷᠡᠭᠵᠢᠭᠦᠯᠵᠦ᠂ ︽ᠠᠰᠢᠭ ᠬᠦᠷᠲᠡᠭᠰᠡᠨ︾ ᠮᠤᠵᠢ ᠪᠡᠯᠡ ᠭᠠᠷᠭᠠᠬᠤ᠂ ︽ᠬᠤᠪᠢ | ᠨᠡᠮᠡᠷᠢ ᠦᠵᠡᠭᠦᠯᠦᠭᠰᠡᠨ︾ ᠮᠤᠵᠢ ᠨᠢ ᠨᠥᠬᠦᠪᠦᠷᠢ ᠣᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠡᠯᠡ ᠮᠥᠩᠭᠦᠨ ᠤ | ᠣᠷᠣᠭᠤᠯᠤᠯᠲᠠ ᠪᠠᠨ ᠶᠡᠭᠡ ᠪᠠᠷ ᠨᠡᠮᠡᠭᠳᠡᠭᠦᠯᠵᠦ ᠪᠠᠶᠢᠭᠠᠳ ᠠᠮᠤ ᠪᠤᠳᠠᠭᠠᠨ ᠤ ᠭᠤᠣᠯ ᠤᠨᠠᠯᠲᠠ ᠶᠢᠨ ᠣᠷᠣᠨ ᠪᠠ ᠠᠮᠤ | ᠪᠤᠳᠠᠭᠠᠨ ᠤ ᠤᠨᠠᠯᠲᠠ ᠶᠢᠨ ᠲᠣᠮᠣ ᠰᠢᠶᠠᠨ ᠢ ᠳᠡᠮᠵᠢᠬᠦ ᠠᠵᠢᠯ ᠢᠶᠠᠨ ᠴᠢᠩᠭᠠᠷᠠᠭᠤᠯᠤᠨ᠎ᠠ᠃ | ᠣᠳᠣᠬᠠᠨ ᠳᠤ ᠪᠥᠬᠦ ᠤᠯᠤᠰ ᠲᠠᠬᠢ ᠨᠤᠲᠤᠭ ᠲᠤ ᠪᠠᠨ ᠪᠤᠴᠠᠭᠰᠠᠨ ᠡᠯ᠎ᠡ ᠲᠥᠷᠥᠯ ᠤᠨ ᠦᠢᠯᠡᠰ ᠪᠤᠰᠬᠠᠭᠰᠠᠳ | 1200 ᠲᠦᠮᠡ ᠶᠢ ᠳᠠᠪᠠᠪᠠ | ᠣᠲᠣ ᠣᠯᠠᠨ ᠠᠷᠪᠢᠨ ᠵᠠᠯᠠᠭᠤ ᠣᠶᠤᠲᠠᠳ᠂ ᠬᠤᠲᠠ ᠶᠢᠨ ᠴᠠᠭᠠᠨ ᠵᠠᠭᠠᠮᠠᠲᠠᠳ ᠵᠡᠷᠭᠡ ᠬᠦᠮᠦᠰ ᠨᠤᠲᠤᠭ ᠲᠤ ᠪᠠᠨ | ᠪᠤᠴᠠᠵᠤ ᠦᠢᠯᠡᠰ ᠪᠤᠰᠬᠠᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠬᠡᠪ ᠵᠠᠭᠪᠤᠷ᠂ ᠰᠢᠨ᠎ᠡ ᠠᠬᠤᠢ | ᠪᠠᠶᠢᠳᠠᠯ ᠢ ᠲᠠᠰᠤᠷᠠᠯᠲᠠ ᠦᠭᠡᠢ ᠳᠠᠶᠢᠴᠢᠯᠠᠨ ᠴᠣᠯᠭᠤᠷᠠᠭᠤᠯᠵᠤ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠣᠳᠣᠬᠠᠨ ᠳᠤ | ᠪᠥᠬᠦ ᠤᠯᠤᠰ ᠲᠠᠬᠢ ᠨᠤᠲᠤᠭ ᠲᠤ ᠪᠠᠨ ᠪᠤᠴᠠᠭᠰᠠᠨ ᠡᠯ᠎ᠡ ᠲᠥᠷᠥᠯ ᠤᠨ ᠦᠢᠯᠡᠰ ᠪᠤᠰᠬᠠᠭᠰᠠᠳ 1200 ᠲᠦᠮᠡ ᠶᠢ | ᠳᠠᠪᠠᠵᠠᠢ᠃ ᠡᠳᠡᠭᠡᠷ ︽ᠰᠢᠨ᠎ᠡ ᠲᠠᠷᠢᠶᠠᠴᠢᠨ︾᠂ ︽ᠬᠥᠳᠡᠭᠡ ᠲᠣᠰᠬᠤᠨ ᠤ ᠰᠢᠨ᠎ᠡ ᠶᠢ ᠡᠭᠦᠳᠦᠭᠴᠢ︾ ᠨᠠᠷ ᠮᠡᠷᠭᠡᠵᠢᠯ ᠪᠠ | ᠰᠢᠨ᠎ᠡ ᠡᠭᠦᠳᠦᠯᠲᠡ᠂ ᠬᠦᠰᠡᠯ ᠵᠡᠭᠦᠳᠦ ᠪᠠ ᠬᠠᠶᠢᠷ᠎ᠠ ᠰᠡᠳᠬᠢᠯᠭᠡ ᠡᠪᠦᠷᠯᠡᠨ ᠢᠷᠡᠵᠦ᠂ ᠬᠥᠳᠡᠭᠡ ᠲᠣᠰᠬᠤᠨ ᠤ | ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠠ ᠬᠥᠷ ᠬᠥᠭᠵᠢᠶᠡᠨ ᠨᠡᠮᠡᠷᠢᠯᠡᠵᠡᠢ᠃ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠪᠠᠶᠢᠷᠢᠯᠠᠭᠤᠯᠤᠭᠰᠠᠨ ᠢᠶᠠᠷ᠄ ᠨᠢᠭᠡ ᠲᠠᠯ᠎ᠠ ᠪᠠᠷ᠂ ᠲᠣᠰ | ᠨᠤᠲᠤᠭ ᠤᠨ ᠴᠢᠳᠠᠪᠤᠷᠢᠲᠠᠨ ᠢᠶᠠᠨ ᠬᠥᠮᠥᠵᠢᠭᠦᠯᠬᠦ ᠶᠢ ᠴᠢᠬᠤᠯᠠᠴᠢᠯᠠᠨ ᠴᠢᠩᠭᠠᠳᠬᠠᠵᠤ᠂ ᠲᠠᠷᠢᠶᠠᠴᠢᠳ ᠤᠨ ᠮᠡᠷᠭᠡᠵᠢᠯ ᠤᠷ᠎ᠠ | ᠮᠡᠷᠭᠡᠰᠢᠯ ᠤᠨ ᠪᠣᠯᠪᠠᠰᠤᠷᠠᠯ ᠢ ᠴᠢᠩᠭᠠᠳᠬᠠᠬᠤ᠂ ᠬᠥᠳᠡᠭᠡ ᠲᠣᠰᠬᠤᠨ ᠤ ᠤᠷᠠᠨ ᠳᠠᠷᠬᠠᠨ ᠢ ᠬᠥᠮᠥᠵᠢᠭᠦᠯᠬᠦ ᠢᠨᠵᠧᠨᠧᠷᠢᠩ ᠢ | ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠡᠯ᠎ᠡ ᠲᠥᠷᠥᠯ ᠤᠨ ᠲᠤᠰᠬᠠᠢ | ᠮᠡᠷᠭᠡᠵᠢᠯ ᠤᠨ ᠴᠢᠳᠠᠪᠤᠷᠢᠲᠠᠳ ᠪᠠ ᠬᠡᠷᠡᠭᠯᠡᠭᠡᠨ ᠤ ᠴᠢᠳᠠᠪᠤᠷᠢᠲᠠᠳ ᠤᠨ ᠡᠩᠨᠡᠭᠡ ᠶᠢ ᠪᠤᠵᠠᠭᠠᠶᠢᠷᠠᠭᠤᠯᠤᠨ᠎ᠠ᠃ ᠨᠥᠭᠦᠭᠡ | ᠲᠠᠯ᠎ᠠ ᠪᠠᠷ᠂ ᠭᠠᠳᠠᠨᠠᠬᠢ ᠴᠢᠳᠠᠪᠤᠷᠢᠲᠠᠳ ᠢ ᠣᠷᠣᠭᠤᠯᠤᠨ ᠠᠪᠴᠢᠷᠠᠬᠤ ᠪᠠᠨ ᠠᠩᠬᠠᠷᠤᠨ ᠴᠢᠬᠤᠯᠠᠴᠢᠯᠠᠵᠤ᠂ ᠦᠢᠯᠡᠰ | ᠪᠤᠰᠬᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ᠂ ᠨᠢᠭᠡ ᠪᠦᠯᠦᠭ ᠦᠨᠳᠦᠰᠦᠨ ᠱᠠᠲᠤᠨ ᠤ | ᠦᠢᠯᠡᠴᠢᠯᠡᠭᠡᠨ ᠤ ᠵᠦᠢᠯᠡᠰ ᠢ ᠬᠡᠷᠡᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠥᠳᠡᠭᠡ ᠲᠣᠰᠬᠤᠨ ᠤ | ᠬᠥᠭᠵᠢᠯᠲᠡ ᠳᠤ ᠨᠢᠭᠡ ᠪᠦᠯᠦᠭ ᠪᠠᠴᠢᠮ ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠳ ᠢ ᠣᠷᠣᠭᠤᠯᠤᠨ ᠠᠪᠴᠢᠷᠠᠨ᠎ᠠ᠃ |