ᠬᠥᠳᠡᠭᠡ ᠲᠣᠰᠬᠤᠨ ᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠬᠥᠳᠡᠭᠡ ᠲᠣᠰᠬᠤᠨ ᠤ | ᠰᠤᠷᠤᠭᠴᠢᠳ ᠤᠨ ᠰᠢᠮ᠎ᠡ ᠲᠡᠵᠢᠭᠡᠯᠲᠦ ᠬᠤᠭᠤᠯᠠᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ | ᠰᠤᠷᠭᠠᠨ ᠬᠥᠮᠦᠵᠢᠯ ᠤᠨ ᠲᠠᠯ᠎ᠠ ᠪᠠᠷ᠂ ᠭᠤᠣᠯᠳᠠᠯᠭ᠎ᠠ ᠨᠢ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠪᠠ ᠴᠢᠬᠤᠯᠠ | ᠪᠥᠬᠦᠶ ᠪᠠᠭ᠎ᠠ ᠬᠡᠪᠴᠢᠶᠡᠨ ᠤ ᠰᠤᠷᠭᠠᠭᠤᠯᠢ ᠶᠢ ᠰᠠᠶᠢᠲᠤᠷ ᠡᠷᠬᠢᠯᠡᠨ᠎ᠡ᠃ ᠪᠢᠴᠢᠭ ᠮᠠᠲ᠋ᠧᠷᠢᠶᠠᠯ ᠳᠤ ᠣᠨᠴᠠᠭᠠᠶᠢᠯᠠᠨ | ᠴᠢᠬᠤᠯᠠᠴᠢᠯᠠᠬᠤ ᠳᠤ ᠪᠠᠨ᠂ ᠬᠥᠳᠡᠭᠡ ᠲᠣᠰᠬᠤᠨ ᠤ ᠰᠤᠷᠤᠭᠴᠢᠳ ᠤᠨ ᠰᠢᠮ᠎ᠡ ᠲᠡᠵᠢᠭᠡᠯᠲᠦ ᠬᠤᠭᠤᠯᠠᠨ ᠤ ᠬᠠᠮᠢᠶᠠᠷᠤᠯᠲᠠ ᠶᠢ | ᠪᠥᠬᠦ ᠲᠠᠯ᠎ᠠ ᠪᠠᠷ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠪᠠ ᠪᠠᠯᠠ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢ | ᠦᠨᠡᠨ ᠬᠦ ᠪᠠᠲᠤᠯᠠᠬᠤ ᠬᠡᠷᠡᠭᠲᠡᠶ᠃ ᠡᠮᠴᠢᠯᠡᠭᠡᠨ ᠤ ᠲᠠᠯ᠎ᠠ ᠪᠠᠷ᠂ ᠭᠤᠣᠯᠳᠠᠯᠭ᠎ᠠ ᠨᠢ ᠡᠮᠴᠢᠯᠡᠭᠡ ᠡᠷᠡᠭᠦᠯ ᠬᠠᠮᠠᠭᠠᠯᠠᠯ ᠤᠨ | ᠠᠵᠢᠯᠳᠠᠨ ᠪᠠ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠭᠤᠣᠯ ᠪᠣᠯᠬᠤ ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠶᠢ ᠰᠠᠶᠢᠲᠤᠷ ᠡᠷᠬᠢᠯᠡᠵᠤ᠂ ᠲᠠᠷᠢᠶᠠᠴᠢᠳ ᠤᠨ ᠡᠪᠡᠳᠴᠢᠨ ᠦᠵᠡᠭᠦᠯᠵᠦ ᠡᠮᠨᠡᠭᠦᠯᠬᠦ ᠳᠤ ᠨᠢ ᠨᠡᠩ | ᠲᠦᠬᠦᠮ ᠪᠣᠯᠭᠠᠨ᠎ᠠ᠃ ᠵᠠᠯᠭᠠᠭ᠎ᠠ ᠪᠠᠷ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠ ᠲᠤᠬᠠᠶ ᠶᠢᠨ ᠵᠢᠯ ᠳᠤ | ᠲᠠᠩᠰᠠ ᠲᠠᠶᠢᠯᠤᠭᠰᠠᠨ ᠥᠬᠡᠶ ᠬᠥᠳᠡᠭᠡ ᠲᠣᠰᠬᠤᠨ ᠤ ᠰᠠᠭᠤᠭᠠᠯᠢ ᠠᠷᠠᠳ ᠲᠤ ᠳᠠᠷᠠᠭ᠎ᠠ ᠵᠢᠯ ᠤᠨ ᠬᠦᠨᠳᠦ ᠡᠪᠡᠳᠴᠢᠨ ᠤ | ᠳᠠᠭᠠᠳᠬᠠᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ ᠵᠣᠬᠢᠬᠤ | ᠬᠡᠮᠵᠢᠶᠡᠨ ᠤ ᠵᠣᠷᠢᠭᠵᠢᠭᠤᠯᠤᠯ ᠥᠭᠴᠦ᠂ ᠳᠠᠭᠠᠳᠬᠠᠯ ᠳᠤ ᠣᠷᠣᠯᠴᠠᠭᠰᠠᠨ ᠲᠠᠷᠢᠶᠠᠴᠢᠳ ᠲᠤ ᠪᠣᠳᠠᠲᠠᠶ ᠠᠰᠢᠭ ᠬᠦᠷᠲᠡᠭᠡᠨ᠎ᠡ | ᠃ ᠨᠠᠰᠤᠵᠢᠯ ᠤᠨ ᠠᠰᠠᠷᠠᠮᠵᠢ ᠶᠢᠨ ᠲᠠᠯ᠎ᠠ ᠪᠠᠷ᠂ ᠭᠤᠣᠯᠳᠠᠯᠭ᠎ᠠ ᠨᠢ ᠬᠥᠳᠡᠭᠡ ᠲᠣᠰᠬᠤᠨ ᠤ ᠨᠠᠰᠤᠵᠢᠭᠰᠠᠨ ᠬᠥᠮᠥᠨ ᠣᠯᠠᠳᠠᠵᠤ | ᠪᠠᠶᠢᠭ᠎ᠠ ᠬᠠᠨᠳᠤᠰᠢ ᠳᠤ ᠴᠢᠭᠯᠡᠭᠦᠯᠦᠨ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠡᠪᠡᠷᠰᠢᠶᠡᠯ ᠳᠤ | ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠥᠩᠭᠦ ᠶᠢ ᠠᠯᠬᠤᠮ ᠠᠯᠬᠤᠮ ᠢᠶᠠᠷ | ᠳᠡᠭᠡᠭᠰᠢᠯᠡᠭᠦᠯᠵᠦ᠂ ᠲᠠᠷᠢᠶᠠᠴᠢᠳ ᠤᠨ ᠨᠠᠰᠤᠵᠢᠯ ᠤᠨ ᠠᠰᠠᠷᠠᠮᠵᠢ ᠶᠢᠨ ᠲᠠᠯ᠎ᠠ ᠶᠢᠨ ᠬᠤᠶᠢᠰᠢᠳᠠ ᠶᠢᠨ ᠵᠣᠪᠠᠨᠢᠯ ᠢ | ᠰᠢᠢᠳᠪᠦᠷᠢᠯᠡᠨ᠎ᠡ᠃ | ᠮᠠᠨ ᠤ ᠤᠯᠤᠰ ᠤᠨ ᠠᠮᠤ ᠪᠤᠳᠠᠭᠠᠨ ᠤ ᠬᠠᠩᠭᠠᠯᠭ᠎ᠠ ᠶᠡᠷᠦᠩᠬᠡᠶ ᠳᠤ ᠪᠠᠨ ᠬᠡᠷᠡᠭᠴᠡᠭᠡᠨ ᠠᠴᠠ ᠪᠠᠨ ᠶᠡᠭᠡ ᠪᠢᠰᠢ᠂ ᠬᠠᠷᠢᠨ | ᠮᠥᠨ ᠯᠡ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢᠲᠡᠶ ᠪᠠᠶᠢᠳᠠᠯ ᠳᠤ ᠪᠠᠨ ᠣᠷᠣᠰᠢᠵᠤ ᠪᠠᠶᠢᠨ᠎ᠠ | ᠡᠨᠡ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠢ ᠬᠡᠷᠬᠢᠨ ᠠᠳᠬᠤᠬᠤ ᠲᠤᠬᠠᠢ ᠡᠶᠢᠮᠦ ᠨᠢᠭᠡᠨ ᠴᠢᠮᠡᠭᠡ ᠳᠤᠭᠤᠯᠳᠠᠵᠤ | ᠪᠣᠢ᠂ ᠠᠮᠤ ᠪᠤᠳᠠᠭᠠᠨ ᠤ ᠤᠨᠠᠯᠲᠠ ᠨᠡᠮᠡᠭᠳᠡᠪᠡ᠂ ᠳᠡᠭᠡᠷ᠎ᠡ ᠨᠢ ᠠᠮᠤ ᠪᠤᠳᠠᠭᠠᠨ ᠤ ᠵᠠᠬ᠎ᠠ ᠳᠡᠯᠭᠡᠭᠦᠷ ᠴᠦ ᠨᠡᠯᠢᠶᠡᠳ | ᠮᠠᠭᠤᠵᠢᠷᠠᠵᠤ᠂ ᠵᠠᠷᠢᠮ ᠡᠭᠦᠯᠳᠡᠷ ᠤᠨ ᠦᠨ᠎ᠡ ᠬᠠᠩᠰᠢ ᠪᠠᠭᠤᠷᠠᠭᠰᠠᠨ ᠪᠣᠯᠬᠤᠷ ᠡᠨᠡ ᠵᠢᠯ ᠤᠨ ᠠᠮᠤ ᠪᠤᠳᠠᠭᠠᠨ ᠤ ᠠᠵᠢᠯ ᠤᠨ | ᠡᠷᠴᠢᠮ ᠢ ᠰᠤᠯᠠᠷᠠᠭᠤᠯᠪᠠᠯ ᠶᠠᠮᠠᠷ ᠵᠡᠷᠭᠡ ᠪᠣᠢ︖ ᠡᠭᠦᠨ ᠤ ᠲᠤᠬᠠᠶ ᠲᠥᠪ ᠬᠤᠷᠢᠶᠠᠨ ᠤ ᠲᠦᠷᠦ ᠶᠢᠨ ᠪᠤᠳᠤᠯᠭ᠎ᠠ ᠪᠣᠯ | ᠲᠣᠳᠣᠷᠬᠠᠶ ᠶᠤᠮ᠂ ᠠᠮᠤ ᠪᠤᠳᠠᠭᠠᠨ ᠤ ᠦᠢᠯᠡᠳᠪᠦᠷᠢᠯᠡᠯ ᠢ ᠴᠢᠩᠭᠠᠳᠬᠠᠬᠤ ᠠᠴᠠ ᠪᠢᠰᠢ ᠰᠤᠯᠠᠷᠠᠭᠤᠯᠵᠤ ᠪᠣᠯᠬᠤ ᠦᠭᠡᠢ᠃ | ᠠᠮᠤ ᠪᠤᠳᠠᠭᠠᠨ ᠤ ᠦᠨ᠎ᠡ ᠬᠠᠩᠰᠢ ᠬᠡᠰᠡᠭ ᠬᠤᠭᠤᠴᠠᠭᠠᠨ ᠳᠤ ᠪᠣᠯᠣᠭᠰᠠᠨ ᠠᠴᠠ ᠪᠣᠯᠣᠭᠠᠳ ᠠᠮᠤ ᠪᠤᠳᠠᠭᠠᠨ ᠤ | ᠦᠢᠯᠡᠳᠪᠦᠷᠢᠯᠡᠯ ᠨᠢᠭᠡᠨᠲᠡ ᠵᠣᠪᠠᠭ᠋ᠤ ᠤᠴᠢᠷ ᠦᠭᠡᠢ ᠪᠣᠯᠴᠢᠬᠠᠯ᠎ᠠ ᠭᠡᠵᠦ ᠬᠦᠡᠭᠭᠡᠨ ᠬᠠᠭᠤᠳᠠᠮ ᠢᠶᠠᠷ ᠬᠡᠯᠡᠵᠦ ᠶᠠᠭᠠᠬᠢᠭᠰᠠᠨ | ᠴᠤ ᠪᠣᠯᠬᠤ ᠦᠭᠡᠢ᠃ ᠨᠢᠭᠡ ᠲᠠᠯ᠎ᠠ ᠪᠠᠷ᠂ ᠠᠮᠤ ᠪᠤᠳᠠᠭᠠᠨ ᠤ ᠦᠢᠯᠡᠳᠪᠦᠷᠢᠯᠡᠯ ᠨᠢ ᠵᠣᠬᠢᠬᠤ ᠬᠡᠮᠵᠢᠶᠡᠨ ᠳᠤ ᠮᠥᠨ ᠯᠡ | ᠲᠩᠷᠢ ᠶᠢᠨ ᠴᠢᠷᠠᠶ ᠶᠢ ᠬᠠᠷᠠᠨ ᠠᠮᠢᠳᠤᠷᠠᠵᠤ᠂ ︽ᠬᠥᠮᠦᠨ ᠴᠢᠷᠮᠠᠶᠢᠬᠤ︾ ᠲᠡᠳᠦᠢ ᠪᠢᠰᠢ ᠪᠠᠰᠠ ︽ᠲᠩᠷᠢ ᠶᠢᠨ ᠴᠢᠷᠠᠢ ᠶᠢ | ᠬᠠᠷᠠᠬᠤ ᠴᠢᠬᠤᠯᠠᠲᠠᠢ ᠪᠠᠶᠢᠳᠠᠭ︾᠃ ᠤᠢᠢᠷ᠎ᠠ ᠶᠢᠨ ᠵᠢᠯ ᠤᠳ ᠲᠤ ᠬᠡᠴᠡᠭᠦᠦ ᠴᠠᠭ ᠠᠭᠤᠷ ᠵᠡᠷᠭᠡ ᠪᠠᠶᠢᠭᠠᠯᠢ ᠶᠢᠨ ᠭᠠᠮᠰᠢᠭ | ᠤᠯᠠᠨ ᠡᠭᠦᠰᠴᠦ ᠲᠠᠬᠢᠨ ᠡᠭᠦᠰᠴᠦ ᠪᠠᠶᠢᠭ᠎ᠠ ᠪᠣᠯᠬᠤᠷ ᠲᠣᠭᠲᠠᠭᠤᠨ ᠪᠤᠰᠤ ᠬᠦᠴᠦᠨ ᠵᠦᠢᠯ ᠮᠠᠰᠢ ᠤᠯᠠᠨ ᠪᠠᠶᠢᠨ᠎ᠠ᠂ | ᠡᠶᠢᠮᠦ ᠠᠴᠠ ᠡᠷᠬᠡᠪᠰᠢ ᠭᠠᠮᠰᠢᠭ ᠢ ᠡᠰᠡᠷᠭᠦᠴᠡᠨ ᠡᠯᠪᠡᠭ ᠬᠤᠷᠢᠶᠠᠯᠲᠠ ᠶᠢ ᠲᠡᠮᠡᠴᠡᠨ ᠤᠯᠬᠤ ᠳᠤ ᠰᠠᠭᠤᠷᠢᠯᠠᠵᠤ᠂ ᠬᠦᠴᠢᠷ | ᠪᠡᠷᠬᠡᠰᠢᠶᠡᠯ ᠢ ᠲᠡᠷᠢᠭᠦᠨ ᠳᠤ ᠲᠠᠯᠪᠢᠵᠤ᠂ ᠠᠮᠤᠷ ᠲᠦᠪᠰᠢᠨ ᠢᠶᠠᠷ ᠬᠤᠷᠢᠶᠠᠯᠲᠠ ᠣᠯᠬᠤ ᠢᠯᠡᠳᠬᠡᠮᠵᠢ ᠶᠢ ᠨᠡᠩ ᠥᠨᠳᠥᠷ | ᠪᠣᠯᠭᠠᠬᠤ ᠬᠡᠷᠡᠭᠲᠡᠶ᠃ ᠨᠥᠭᠦᠭᠡ ᠲᠠᠯ᠎ᠠ ᠪᠠᠷ᠂ ᠮᠠᠨ ᠤ ᠤᠯᠤᠰ ᠤᠨ ᠠᠮᠤ ᠪᠤᠳᠠᠭᠠᠨ ᠤ ᠬᠡᠷᠡᠭᠴᠡᠭᠡ ᠪᠠᠰᠠ ᠲᠠᠰᠤᠷᠠᠯᠲᠠ | ᠦᠭᠡᠶ ᠥᠷᠭᠡᠳᠴᠦ᠂ 14 ᠳ᠋ᠦᠩᠰᠢᠭᠤᠷ ᠭᠠᠷᠤᠶ ᠬᠥᠮᠦᠨ ᠤ ᠢᠳᠡᠬᠦ ᠬᠤᠭᠤᠯᠠ ᠪᠠᠶᠢᠬᠤ ᠶᠢ ᠪᠠᠲᠤᠯᠠᠬᠤ ᠬᠡᠷᠡᠭᠲᠡᠢ | ᠮᠥᠷᠲᠡᠭᠡᠨ ᠰᠠᠶᠢᠨ ᠬᠤᠭᠤᠯᠠ ᠢᠳᠡᠬᠦ ᠶᠢ ᠬᠦᠰᠡᠵᠦ ᠪᠠᠶᠢᠨ᠎ᠠ᠃ ᠤᠳᠤ ᠬᠡᠳᠦᠢ ᠪᠠᠷ ᠬᠥᠮᠥᠰ ᠤᠨ ᠬᠦᠨᠡᠰᠦᠨ ᠠᠮᠤ | ᠢᠳᠡᠬᠦ ᠨᠢ ᠪᠠᠭ᠎ᠠ ᠪᠣᠯᠣᠭᠰᠠᠨ ᠴᠤ ᠮᠢᠬ᠎ᠠ᠂ ᠥᠨᠳᠡᠭᠡ᠂ ᠰᠦ ᠢᠳᠡᠬᠦ ᠨᠢ ᠶᠡᠭᠡ ᠪᠣᠯᠪᠠ᠂ ᠡᠳᠡᠭᠡᠷ ᠢ ᠴᠥᠮ ᠤᠯᠠᠮ ᠠᠴᠠ | ᠤᠯᠠᠮ ᠠᠷᠪᠢᠨ ᠲᠡᠵᠢᠭᠡᠯ ᠪᠣᠷᠳᠣᠭᠠᠨ ᠤ ᠠᠮᠤ ᠠᠴᠠ ᠤᠯᠠᠷᠢᠭᠤᠯᠵᠤ ᠰᠢᠢᠳᠪᠦᠷᠢᠯᠡᠬᠦ ᠴᠢᠬᠤᠯᠠ ᠲᠠᠢ᠃ ᠮᠠᠨ ᠤ ᠤᠯᠤᠰ ᠤᠨ | ᠠᠮᠤ ᠪᠤᠳᠠᠭᠠᠨ ᠤ ᠬᠠᠩᠭᠠᠯᠭ᠎ᠠ ᠶᠡᠷᠦᠩᠬᠡᠶ ᠳᠤ ᠪᠠᠨ ᠬᠡᠷᠡᠭᠴᠡᠭᠡᠨ ᠠᠴᠠ ᠪᠠᠨ ᠶᠡᠭᠡ ᠪᠢᠰᠢ᠂ ᠬᠠᠷᠢᠨ ᠮᠥᠨ ᠯᠡ ᠬᠠᠩᠭᠠᠯᠭ᠎ᠠ | ᠬᠡᠷᠡᠭᠴᠡᠭᠡ ᠶᠢᠨ ᠲᠡᠩᠴᠡᠭᠦᠷᠢᠲᠡᠶ ᠪᠠᠶᠢᠳᠠᠯ ᠳᠤ ᠪᠠᠨ ᠣᠷᠣᠰᠢᠵᠤ ᠪᠠᠶᠢᠨ᠎ᠠ᠃ ᠲᠡᠦᠬᠡᠨ ᠲᠤᠷᠰᠢᠯᠭ᠎ᠠ ᠬᠠᠷᠠᠭᠤᠯᠤᠭᠰᠠᠨ ᠨᠢ᠂ | ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠢ ᠳᠡᠭᠡᠭᠰᠢᠯᠡᠭᠦᠯᠬᠦ ᠳᠤ ᠶᠡᠷᠦ ᠨᠢ ᠮᠠᠰᠢ ᠬᠦᠴᠢᠷ᠂ | ᠪᠠᠭᠤᠷᠠᠭᠤᠯᠬᠤ ᠳᠤ ᠬᠠᠷᠢᠨ ᠬᠠᠷᠢᠴᠠᠩᠭᠤᠢ ᠪᠠᠷ ᠠᠮᠠᠷᠬᠠᠨ ᠪᠠᠶᠢᠳᠠᠭ᠂ ᠠᠵᠢᠯ ᠤᠨ ᠡᠷᠴᠢᠮ ᠢᠶᠠᠨ ᠰᠤᠯᠠᠷᠠᠭᠤᠯᠤᠭᠰᠠᠨ ᠠᠴᠠ | ᠪᠣᠯᠣᠭᠠᠳ ᠦᠢᠯᠡᠳᠪᠦᠷᠢᠯᠡᠯ ᠢ ᠶᠡᠭᠡ ᠪᠠᠷ ᠳᠡᠭᠡᠭᠰᠢᠯᠡᠭᠦᠯᠵᠦ ᠶᠡᠭᠡ ᠪᠠᠷ ᠪᠠᠭᠤᠷᠠᠭᠤᠯᠵᠤ ᠶᠠᠭᠠᠬᠢᠭᠰᠠᠨ ᠴᠤ ᠪᠣᠯᠬᠤ ᠦᠭᠡᠢ᠃ | ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠦᠨᠡᠨ ᠬᠦ ᠪᠠᠲᠤᠯᠠᠬᠤ ᠶᠢ ᠦᠷᠭᠦᠯᠵᠢᠯᠡᠨ ᠲᠡᠷᠢᠭᠦᠨ ᠪᠠᠶᠢᠷᠢᠨ ᠳᠤ ᠲᠠᠯᠪᠢᠵᠤ᠂ ᠠᠮᠤ ᠪᠤᠳᠠᠭ᠎ᠠ ᠵᠡᠷᠭᠡ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ᠠᠮᠤ | ᠪᠤᠳᠠᠭᠠᠨ ᠤ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠥᠪᠡᠷ ᠤᠨ ᠪᠤᠳᠠᠭᠠᠨ ᠠᠶᠠᠭ᠎ᠠ ᠪᠠᠨ | ᠭᠠᠷ ᠲᠤ ᠪᠠᠨ ᠨᠡᠩ ᠯᠠᠪᠳᠠᠭᠤᠨ ᠪᠠᠲᠤ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠵᠠᠰᠠᠭ ᠵᠠᠬᠢᠷᠭᠠᠨ ᠤ ᠠᠷᠭ᠎ᠠ ᠪᠠᠷᠢᠯ ᠳᠤ ᠲᠦᠰᠢᠭᠯᠡᠨ ᠭᠠᠵᠠᠷ ᠰᠢᠷᠣᠶ ᠶᠢ ᠠᠯᠪᠠ ᠪᠠᠷ ᠰᠢᠯᠵᠢᠭᠦᠯᠵᠦ ᠡᠷᠭᠢᠯᠳᠦᠭᠦᠯᠬᠦ | ᠠᠵᠢᠯᠯᠠᠭ᠎ᠠ ᠶᠢ ᠡᠷᠡᠰ ᠵᠠᠯᠠᠷᠠᠭᠤᠯᠤᠨ᠎ᠠ | ᠡᠷᠦᠭᠡ ᠳᠤ ᠳᠠᠭᠠᠭᠠᠴᠢᠯᠠᠭᠤᠯᠤᠨ ᠡᠵᠡᠩᠨᠡᠭᠦᠯᠦᠭᠰᠡᠨ ᠰᠠᠭᠤᠷᠢᠨ ᠳᠡᠭᠡᠷ᠎ᠡ᠂ ᠳᠠᠭᠠᠭᠠᠴᠢᠯᠠᠭᠰᠠᠨ ᠭᠠᠵᠠᠷ ᠤᠨ ︽ᠭᠤᠷᠪᠠᠨ | ᠡᠷᠬᠡ ᠶᠢ ᠰᠠᠯᠭᠠᠬᠤ︾ ᠪᠠᠷ ᠳᠠᠮᠵᠢᠭᠤᠯᠤᠨ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠡᠮᠬᠢ ᠵᠢᠷᠤᠮ ᠲᠠᠢ ᠪᠠᠷ | ᠰᠢᠯᠵᠢᠭᠦᠯᠦᠨ ᠡᠷᠭᠢᠯᠳᠦᠭᠦᠯᠬᠦ ᠶᠢ ᠬᠥᠲᠥᠯᠥᠨ ᠵᠢᠯᠣᠭᠤᠳᠴᠤ᠂ ᠲᠠᠷᠢᠶᠠᠯᠠᠩ ᠤᠨ ᠵᠣᠬᠢᠬᠤ ᠬᠡᠪᠴᠢᠶᠡᠲᠦ ᠡᠵᠡᠩᠨᠡᠯᠲᠡ ᠶᠢ | ᠬᠥᠭᠵᠢᠭᠦᠯᠬᠦ ᠪᠣᠯ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠶᠢᠨ ᠵᠠᠶᠢᠯᠠᠰᠢ ᠦᠭᠡᠢ ᠶᠠᠪᠤᠬᠤ ᠵᠠᠮ ᠮᠥᠨ᠂ ᠪᠠᠰᠠ ᠴᠤ | ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠲᠦᠷᠢᠮ ᠢ ᠪᠠᠬᠢᠵᠢᠭᠦᠯᠦᠨ ᠲᠡᠭᠦᠯᠳᠡᠷᠵᠢᠭᠦᠯᠬᠦ ᠶᠢᠨ ᠴᠢᠬᠤᠯᠠ ᠲᠠᠯ᠎ᠠ | ᠮᠥᠨ᠃ ᠣᠶᠢᠷ᠎ᠠ ᠶᠢᠨ ᠵᠢᠯ ᠤᠳ ᠲᠤ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ | ᠲᠣᠭᠲᠠᠭᠤᠨ ᠪᠠᠶᠢᠵᠤ᠂ ᠳᠠᠭᠠᠭᠠᠴᠢᠯᠠᠯᠲᠠ ᠶᠢᠨ ᠭᠠᠵᠠᠷ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠡᠷᠭᠢᠯᠳᠦᠭᠦᠯᠵᠦ | ᠪᠠᠶᠢᠬᠤ ᠨᠢ ᠶᠡᠷᠦᠩᠬᠡᠶ ᠳᠤ ᠪᠠᠨ ᠵᠢᠷᠤᠮᠵᠢᠭᠤᠨ ᠪᠥᠭᠡᠳ ᠡᠮᠬᠢ ᠳᠢᠭᠯᠢᠮ ᠲᠠᠢ ᠪᠠᠶᠢᠨ᠎ᠠ᠂ ᠭᠡᠪᠡᠴᠦ ᠵᠠᠷᠢᠮ ᠭᠠᠵᠠᠷ ᠣᠷᠣᠨ ᠳᠤ | ᠪᠠᠰᠠ ᠲᠦᠷᠢᠮ ᠠᠴᠠ ᠵᠥᠷᠢᠴᠡᠨ ᠠᠵᠢᠯᠯᠠᠭᠤᠯᠤᠭᠰᠠᠨ ᠠᠰᠠᠭᠤᠳᠠᠯ ᠤᠳ ᠭᠠᠷᠴᠠᠶ᠂ ᠪᠢᠴᠢᠭ ᠮᠠᠲ᠋ᠧᠷᠢᠶᠠᠯ ᠳᠤ ᠡᠭᠦᠨ ᠤ | ᠲᠤᠬᠠᠶ ᠴᠢᠬᠤᠯᠠᠴᠢᠯᠠᠭᠰᠠᠨ ᠪᠠᠶᠢᠨ᠎ᠠ᠃ | ᠨᠢᠭᠡ ᠳᠤ᠂ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ | ᠣᠨᠣᠴᠠᠲᠠᠢ ᠠᠳᠬᠤᠨ᠎ᠠ᠃ ᠲᠥᠪ ᠬᠤᠷᠢᠶᠠᠨ ᠤ ᠱᠠᠭᠠᠷᠳᠠᠯᠭ᠎ᠠ ᠮᠠᠰᠢ ᠲᠣᠳᠣᠷᠬᠠᠶ ᠪᠠᠶᠢᠨ᠎ᠠ᠂ ᠳᠠᠭᠠᠭᠠᠴᠢᠯᠠᠭᠰᠠᠨ ᠭᠠᠵᠠᠷ ᠤᠨ | ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠳᠤ ᠬᠠᠤᠯᠢ ᠶᠣᠰᠣᠭᠠᠷ᠂ ᠰᠠᠨᠠᠭᠠᠴᠢᠯᠠᠭ᠎ᠠ ᠶᠢᠨ᠂ ᠲᠥᠯᠥᠪᠦᠷᠢ ᠲᠠᠢ | ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠶ᠂ ᠳᠠᠭᠠᠭᠠᠴᠢᠯᠠᠭᠰᠠᠨ ᠲᠠᠷᠢᠶᠠᠴᠢᠨ ᠡᠷᠤᠭᠡ ᠶᠢᠨ ᠰᠠᠨᠠᠭ᠎ᠠ ᠠᠴᠠ ᠵᠥᠷᠢᠴᠡᠵᠦ ᠪᠣᠯᠬᠤ | ᠦᠭᠡᠢ᠂ ᠲᠠᠷᠢᠶᠠᠴᠢᠳ ᠤᠨ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ᠂ ᠭᠠᠵᠠᠷ ᠰᠢᠷᠣᠶ ᠶᠢᠨ ᠬᠡᠷᠡᠭᠯᠡᠯᠲᠡ ᠶᠢ | ᠬᠤᠪᠢᠷᠠᠭᠤᠯᠵᠤ ᠪᠣᠯᠬᠤ ᠦᠭᠡᠢ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠪᠠ ᠲᠠᠷᠢᠶᠠᠯᠠᠩ ᠤᠨ | ᠠᠮᠢ ᠠᠬᠤᠶ ᠣᠷᠴᠢᠨ ᠠᠬᠤᠶ ᠶᠢ ᠡᠪᠳᠡᠵᠦ ᠪᠣᠯᠬᠤ ᠦᠭᠡᠢ᠃ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ | ᠰᠢᠯᠵᠢᠭᠦᠯᠦᠨ ᠡᠷᠭᠢᠯᠳᠦᠭᠦᠯᠬᠦ᠂ ᠲᠥᠪᠯᠡᠷᠡᠭᠦᠯᠬᠦ᠂ ᠬᠡᠪᠴᠢᠶᠡᠵᠢᠭᠦᠯᠦᠨ ᠡᠵᠡᠩᠨᠡᠬᠦ ᠬᠡᠮᠵᠢᠶ᠎ᠡ ᠶᠢ ᠰᠠᠶᠢᠲᠤᠷ ᠡᠵᠡᠮᠳᠡᠵᠦ᠂ | ᠬᠤᠳᠠ ᠪᠠᠯᠭᠠᠰᠤᠵᠢᠯᠳᠠ ᠶᠢᠨ ᠠᠬᠢᠴᠠ ᠪᠠ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠰᠢᠯᠵᠢᠯᠲᠡ ᠶᠢᠨ | ᠬᠡᠪᠴᠢᠶ᠎ᠡ ᠯᠦᠭᠡ ᠵᠣᠬᠢᠴᠠᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ ᠪᠠ | ᠦᠢᠯᠡᠳᠪᠦᠷᠢᠯᠡᠯ ᠤᠨ ᠠᠷᠭ᠎ᠠ ᠪᠠᠷᠢᠯ ᠤᠨ ᠰᠠᠶᠢᠵᠢᠷᠠᠯᠲᠠ ᠶᠢᠨ ᠬᠡᠮᠵᠢᠶ᠎ᠡ ᠯᠦᠭᠡ ᠵᠣᠬᠢᠴᠠᠭᠤᠯᠵᠤ᠂ ᠲᠠᠷᠢᠶᠠᠯᠠᠩ ᠤᠨ | ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ ᠯᠦᠭᠡ ᠵᠣᠬᠢᠴᠠᠭᠤᠯᠬᠤ ᠬᠡᠷᠡᠭᠲᠡᠶ᠃ | ᠬᠤᠶᠠᠷ ᠲᠤ᠂ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠶᠢᠨ ᠬᠠᠮᠢᠶᠠᠷᠤᠯᠲᠠ ᠦᠢᠯᠡᠴᠢᠯᠡᠭᠡᠨ ᠤ ᠲᠦᠷᠢᠮ ᠢ | ᠲᠡᠭᠦᠯᠳᠡᠷᠵᠢᠭᠦᠯᠦᠨ᠎ᠡ᠃ ᠭᠤᠣᠯᠳᠠᠯᠭ᠎ᠠ ᠨᠢ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠢ ᠵᠢᠷᠤᠮᠵᠢᠭᠤᠯᠤᠨ | ᠳᠦᠷᠢᠮᠵᠢᠭᠦᠯᠬᠦ ᠶᠢ ᠠᠬᠢᠭᠤᠯᠵᠤ᠂ ᠰᠢᠯᠵᠢᠭᠦᠯᠦᠨ ᠡᠷᠭᠢᠯᠳᠦᠭᠦᠯᠬᠦ ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ | ᠡᠷᠬᠡ ᠲᠡᠭᠰᠢ ᠪᠠᠷ ᠬᠠᠮᠠᠭᠠᠯᠠᠨ᠎ᠠ᠃ ᠡᠯ᠎ᠡ ᠭᠠᠵᠠᠷ ᠤᠨ ᠬᠢᠨ ᠤ ᠰᠢᠯᠵᠢᠭᠦᠯᠦᠨ ᠡᠷᠭᠢᠯᠳᠦᠭᠦᠯᠬᠦ ᠦᠨ᠎ᠡ ᠶᠢᠨ ᠵᠢᠭᠠᠯᠲᠠ | ᠲᠤᠭ᠎ᠠ ᠶᠢ ᠨᠡᠶᠢᠲᠡᠯᠡᠬᠦ᠂ ᠪᠣᠳᠠᠲᠤ ᠶᠠᠭᠤᠮ᠎ᠠ ᠪᠠᠷ ᠲᠦᠷᠢᠶᠡᠰᠦ ᠪᠤᠳᠤᠬᠤ ᠵᠡᠷᠭᠡ ᠠᠷᠭ᠎ᠠ ᠮᠠᠶ᠋ᠢᠭ ᠢᠶᠠᠷ ᠰᠢᠯᠵᠢᠭᠦᠯᠦᠨ | ᠡᠷᠭᠢᠯᠳᠦᠭᠦᠯᠬᠦ ᠵᠠᠷᠤᠳᠠᠯ ᠢ ᠵᠦᠢ ᠵᠣᠬᠢᠰᠲᠠᠶ ᠬᠢᠷᠢ ᠲᠦᠪᠰᠢᠨ ᠳᠤ ᠲᠣᠭᠲᠠᠪᠤᠷᠢᠵᠢᠭᠤᠯᠬᠤ ᠶᠢ ᠠᠬᠢᠭᠤᠯᠬᠤ ᠶᠢ | ᠵᠣᠷᠢᠭᠵᠢᠭᠤᠯᠤᠨ᠎ᠠ᠂ ᠢᠩᠭᠢᠪᠡᠯ ᠰᠢᠯᠵᠢᠭᠦᠯᠦᠨ ᠡᠷᠭᠢᠯᠳᠦᠭᠦᠯᠬᠦ ᠵᠠᠷᠤᠳᠠᠯ ᠬᠡᠳᠦ ᠳᠣᠣᠷ᠎ᠠ ᠪᠣᠯᠣᠭᠰᠠᠨ ᠠᠴᠠ ᠲᠠᠷᠢᠶᠠᠴᠢᠳ ᠤᠨ | ᠠᠰᠢᠭ ᠲᠤᠰᠠ ᠶᠢ ᠬᠤᠬᠢᠷᠠᠭᠤᠯᠬᠤ ᠠᠴᠠ ᠵᠠᠶᠢᠯᠠᠰᠬᠢᠵᠦ ᠪᠣᠯᠬᠤ ᠮᠥᠷᠲᠡᠭᠡᠨ ᠪᠠᠰᠠ ᠰᠢᠯᠵᠢᠭᠦᠯᠦᠨ ᠡᠷᠭᠢᠯᠳᠦᠭᠦᠯᠬᠦ ᠵᠠᠷᠤᠳᠠᠯ | ᠬᠡᠳᠦ ᠥᠨᠳᠥᠷ ᠪᠣᠯᠣᠭᠰᠠᠨ ᠠᠴᠠ ᠲᠠᠷᠢᠶᠠᠯᠠᠩ ᠤᠨ ᠥᠷᠢᠰᠥᠯᠳᠦᠬᠦ ᠬᠦᠴᠦᠨ ᠢ ᠨᠥᠯᠥᠭᠡᠯᠡᠬᠦ ᠠᠴᠠ ᠰᠡᠷᠭᠡᠶᠢᠯᠡᠵᠦ ᠴᠢᠳᠠᠨ᠎ᠠ᠃ | | ᠭᠤᠷᠪᠠ ᠳᠤ᠂ ᠵᠠᠰᠠᠭ ᠵᠠᠬᠢᠷᠭᠠᠨ ᠤ ᠠᠷᠭ᠎ᠠ ᠪᠠᠷᠢᠯ ᠳᠤ ᠲᠦᠰᠢᠭᠯᠡᠨ ᠭᠠᠵᠠᠷ ᠰᠢᠷᠣᠶ ᠶᠢ ᠠᠯᠪᠠᠳᠠᠯᠭ᠎ᠠ ᠪᠠᠷ ᠰᠢᠯᠵᠢᠭᠦᠯᠦᠨ | ᠡᠷᠭᠢᠯᠳᠦᠭᠦᠯᠬᠦ ᠠᠵᠢᠯᠯᠠᠭ᠎ᠠ ᠶᠢ ᠡᠷᠡᠰ ᠵᠠᠯᠠᠷᠠᠭᠤᠯᠤᠨ᠎ᠠ᠃ ᠳᠠᠭᠠᠭᠠᠴᠢᠯᠠᠯᠲᠠ ᠶᠢᠨ ᠭᠠᠵᠠᠷ ᠢ ᠰᠢᠯᠵᠢᠭᠦᠯᠦᠨ ᠡᠷᠭᠢᠯᠳᠦᠭᠦᠯᠬᠦ ᠳᠤ | ᠣᠷᠣᠭᠤᠯᠬᠤ ᠡᠰᠡᠬᠦ᠂ ᠦᠨ᠎ᠡ ᠬᠠᠩᠰᠢ ᠶᠢ ᠬᠡᠷᠬᠢᠨ ᠲᠣᠭᠲᠠᠭᠠᠬᠤ᠂ ᠬᠡᠯᠪᠡᠷᠢ ᠶᠢ ᠬᠡᠷᠬᠢᠨ ᠰᠣᠩᠭᠤᠬᠤ ᠶᠢ ᠲᠣᠭᠲᠠᠭᠠᠬᠤ | ᠡᠷᠬᠡ ᠨᠢ ᠴᠥᠮ ᠲᠠᠷᠢᠶᠠᠴᠢᠨ ᠡᠷᠦᠬᠡ᠂ ᠲᠠᠷᠢᠶᠠᠴᠢᠳ ᠤᠨ ᠬᠡᠯᠡᠭᠰᠡᠨ ᠢᠶᠠᠷ ᠪᠣᠯᠭᠠᠨ᠎ᠠ᠂ ᠭᠦᠢᠴᠡᠳᠬᠡᠯ ᠲᠤᠭ᠎ᠠ ᠪᠠᠭᠤᠯᠭᠠᠬᠤ᠂ | ᠡᠭᠦᠷᠭᠡ ᠲᠣᠭᠲᠠᠭᠠᠬᠤ ᠴᠢᠨᠠᠭᠰᠢᠯᠠᠪᠠᠯ ᠠᠯᠪᠠᠳᠠᠨ ᠵᠠᠷᠯᠢᠭᠳᠠᠵᠤ᠂ ᠲᠠᠷᠢᠶᠠᠴᠢᠳ ᠢ ᠳᠠᠭᠠᠭᠠᠴᠢᠯᠠᠭᠰᠠᠨ ᠭᠠᠵᠠᠷ | ᠰᠢᠷᠣᠶ ᠠᠴᠠ ᠨᠢ ᠠᠯᠪᠠᠳᠠᠯᠭ᠎ᠠ ᠪᠠᠷ ᠰᠢᠬᠠᠨ ᠭᠠᠷᠭᠠᠵᠤ ᠪᠣᠯᠬᠤ ᠦᠭᠡᠢ᠃ ᠵᠠᠷᠢᠮ ᠭᠠᠵᠠᠷ ᠣᠷᠣᠨ ᠤ ᠭᠠᠵᠠᠷ ᠰᠢᠷᠣᠶ ᠶᠢ | ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠲᠡᠷᠢᠭᠦᠨ ᠨᠥᠬᠦᠴᠡᠯ ᠪᠣᠯᠭᠠᠵᠤ᠂ ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠲᠠᠯᠠᠪᠠᠶ᠂ | ᠰᠢᠯᠵᠢᠭᠦᠯᠦᠨ ᠡᠷᠭᠢᠯᠳᠦᠭᠦᠯᠬᠦ ᠬᠠᠷᠢᠴᠠᠯ ᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠡᠰᠡᠬᠦᠯ᠎ᠡ ᠲᠥᠷᠥ ᠶᠢᠨ | ᠪᠣᠳᠣᠯᠭ᠎ᠠ ᠶᠢᠨ ᠱᠠᠩᠨᠠᠯ ᠳᠤ ᠣᠷᠣᠭᠤᠯᠵᠤ᠂ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠨᠣᠷᠮ᠎ᠠ ᠶᠢ | ᠲᠥᠯᠥᠪᠵᠢᠭᠦᠯᠭᠡ ᠶᠢᠨ ᠭᠦᠢᠴᠡᠳᠬᠡᠯ ᠲᠤᠭ᠎ᠠ ᠪᠤᠶᠤ ᠲᠥᠷᠥᠯ ᠵᠦᠢᠯ ᠢ ᠮᠡᠳᠡᠭᠦᠯᠬᠦ ᠨᠥᠬᠦᠴᠡᠯ ᠪᠣᠯᠭᠠᠬᠤ ᠵᠡᠷᠭᠡ ᠵᠣᠬᠢᠰ | ᠥᠬᠡᠶ ᠪᠠ ᠪᠤᠷᠤᠭᠤ ᠠᠷᠭ᠎ᠠ ᠬᠢᠳᠡᠯ ᠢ ᠴᠠᠭ ᠲᠤᠬᠠᠶ ᠳᠤ ᠨᠢ ᠵᠠᠯᠠᠷᠠᠭᠤᠯᠬᠤ ᠬᠡᠷᠡᠭᠲᠡᠶ᠃ |