ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠬᠤᠶᠠᠷ | ᠭᠠᠵᠠᠷ ᠨᠢᠭᠡ ᠲᠥᠪ︾ ᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠭᠦᠢᠴᠡᠳ ᠪᠠᠳᠠᠷᠠᠭᠤᠯᠵᠤ᠂ | ᠬᠤᠯᠪᠣᠭᠠᠯᠠᠨ ᠰᠡᠷᠭᠡᠶᠢᠯᠡᠬᠦ᠂ ᠬᠤᠯᠪᠣᠭᠠᠯᠠᠨ ᠲᠣᠬᠢᠷᠠᠭᠤᠯᠬᠤ᠂ ᠬᠤᠯᠪᠣᠭᠠᠯᠠᠨ ᠵᠠᠰᠠᠬᠤ ᠶᠢ ᠪᠠᠷᠢᠮᠲᠠᠯᠠᠵᠤ᠂ ᠵᠥᠷᠢᠴᠡᠯ | ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠭᠦᠨᠵᠡᠭᠡᠢ ᠠᠬᠢᠭᠤᠯᠬᠤ ᠶᠢᠨ ᠲᠥᠯᠥᠭᠡ᠂ ᠮᠢᠨ | ᠰᠢᠨ ᠵᠠᠮ ᠤᠨ ᠵᠡᠭᠡᠯᠢ ᠭᠤᠳᠤᠮᠵᠢ ᠶᠢᠨ ᠶᠡᠷᠦᠩᠬᠡᠶᠢᠯᠡᠨ ᠵᠠᠰᠠᠬᠤ ᠲᠥᠪ ᠠᠴᠠ ᠣᠶᠢᠷ᠎ᠠ ᠳᠤ ᠲᠣᠮᠢᠯᠠᠭᠰᠠᠨ ᠰᠠᠯᠪᠤᠷᠢ᠂ | ᠬᠠᠤᠯᠢ ᠴᠠᠭᠠᠵᠠ ᠶᠢᠨ ᠭᠠᠵᠠᠷ᠂ ᠠᠵᠢᠯ ᠲᠥᠷᠥᠯ ᠤᠨ ᠲᠤᠰᠬᠠᠢ ᠡᠶᠡᠳᠡᠭᠦᠯᠬᠦ ᠵᠣᠬᠢᠶᠠᠨ ᠪᠠᠶᠢᠭᠤᠯᠤᠯᠲᠠ ᠵᠡᠷᠭᠡ | ᠲᠣᠮᠢᠯᠠᠨ ᠰᠠᠭᠤᠯᠭᠠᠭᠰᠠᠨ ᠬᠥᠮᠥᠰ ᠢ ᠵᠣᠬᠢᠶᠠᠨ ᠪᠠᠶᠢᠭᠤᠯᠵᠤ ᠨᠢᠭᠡᠳᠦᠭᠡᠷ ᠤᠯᠠᠷᠢᠯ ᠳᠤ ᠵᠠᠳᠠᠯᠤᠨ ᠰᠤᠳᠤᠯᠵᠤ | ᠮᠠᠭᠠᠳᠯᠠᠬᠤ ᠬᠤᠷᠠᠯ ᠬᠤᠷᠠᠯᠳᠤᠭᠤᠯᠪᠠ᠃ ᠬᠤᠷᠠᠯ ᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ | ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠸᠠᠩ ᠵᠠᠨ ᠰᠢᠤᠢ ᠡᠷᠭᠢᠯᠡᠵᠦ᠂ ᠵᠡᠭᠡᠯᠢ | ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ | ᠂ ᠶᠡᠷᠦᠩᠬᠡᠶᠢᠯᠡᠨ ᠵᠠᠰᠠᠬᠤ ᠲᠥᠪ᠂ ᠡᠯ᠎ᠡ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠵᠢᠴᠢ ᠡᠶᠡᠳᠡᠭᠦᠯᠦᠭᠴᠢ ᠶᠢᠨ | ᠲᠥᠯᠥᠭᠡᠯᠡᠭᠴᠢ ᠣᠷᠣᠯᠴᠠᠵᠠᠶ᠃ | ᠬᠤᠷᠠᠯ ᠠᠴᠠ ᠨᠢᠭᠡᠳᠦᠭᠡᠷ ᠤᠯᠠᠷᠢᠯ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ | ᠲᠤᠰᠬᠠᠢ ᠵᠠᠰᠠᠯᠲᠠ ᠶᠢᠨ ᠠᠵᠢᠯ ᠤᠨ ᠪᠠᠶᠢᠳᠠᠯ ᠢ ᠮᠡᠳᠡᠭᠳᠡᠵᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ | ᠪᠠ ᠵᠠᠳᠠᠯᠤᠭᠰᠠᠨ ᠲᠤᠭ᠎ᠠ᠂ ᠲᠦᠷᠦᠯ ᠬᠡᠯᠪᠡᠷᠢ ᠶᠢ ᠡᠮᠬᠢᠯᠡᠨ ᠬᠤᠷᠢᠶᠠᠩᠭᠤᠶᠢᠯᠠᠪᠠ᠃ ᠡᠯ᠎ᠡ ᠪᠦᠷᠢᠯᠳᠦᠬᠦᠨ ᠨᠢᠭᠡᠴᠡ | ᠲᠣᠰ ᠪᠡᠶ᠎ᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠣᠶᠢᠷ᠎ᠠ ᠶᠢᠨ ᠬᠤᠭᠤᠴᠠᠭᠠᠨ ᠤ | ᠠᠵᠢᠯ ᠢᠶᠠᠨ ᠥᠷᠨᠢᠭᠦᠯᠦᠭᠰᠡᠨ ᠪᠠᠶᠢᠳᠠᠯ ᠳᠤ ᠰᠠᠨᠠᠯ ᠢᠶᠠᠨ ᠰᠣᠯᠢᠯᠴᠠᠬᠤ ᠬᠠᠷᠢᠭᠤ ᠮᠡᠳᠡᠭᠦᠯᠦᠯᠲᠡ ᠬᠢᠵᠦ᠂ ᠣᠷᠣᠰᠢᠵᠤ | ᠪᠠᠶᠢᠭ᠎ᠠ ᠠᠰᠠᠭᠤᠳᠠᠯ ᠤᠨ ᠰᠢᠯᠲᠠᠭᠠᠨ ᠢ ᠵᠠᠳᠠᠯᠤᠨ᠂ ᠠᠵᠢᠯ ᠤᠨ ᠠᠷᠭ᠎ᠠ ᠪᠠ ᠬᠠᠯᠠᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠪᠠᠨ ᠵᠥᠪᠳᠡᠯᠴᠡᠵᠦ᠂ 1 - 2 ᠨᠡᠶᠢᠲᠡᠯᠢᠭ ᠬᠡᠷᠡᠭ ᠤᠨ ᠵᠢᠱᠢᠶ᠎ᠡ ᠶᠢ ᠰᠣᠩᠭᠤᠨ ᠥᠭᠦᠯᠡᠪᠡ᠃ ᠡᠭᠦᠨ ᠤ | ᠬᠠᠮᠲᠤ ᠨᠡᠶᠢᠭᠡᠮ ᠤᠨ ᠲᠣᠭᠲᠠᠭᠤᠨ ᠢ ᠨᠥᠯᠥᠭᠡᠯᠡᠬᠦ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ᠂ ᠵᠥᠷᠢᠴᠡᠯ | ᠵᠢᠭᠤᠷᠠᠯᠳᠤᠭᠠᠨ ᠤ ᠴᠤᠬᠤᠶᠢᠯᠲᠠ ᠪᠠ ᠠᠶᠤᠯ ᠲᠦᠭᠰᠢᠭᠦᠷᠢ ᠶᠢᠨ ᠳᠠᠯᠳᠠ ᠬᠡᠮ ᠢ ᠡᠮᠬᠢᠯᠡᠨ ᠵᠠᠳᠠᠯᠵᠤ᠂ | ᠡᠪᠡᠳᠴᠢᠨ ᠳᠤᠨᠢ ᠲᠣᠬᠢᠷᠠᠭᠤᠯᠤᠨ ᠡᠮ ᠥᠭᠴᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ | ᠪᠡᠶᠡᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠬᠢᠨ ︽ᠭᠤᠷᠪᠠ ᠶᠢ | ᠴᠢᠩᠭᠠᠳᠬᠠᠬᠤ︾ ᠠᠴᠠ ᠭᠠᠷᠳᠠᠵᠤ᠂ ᠬᠠᠷᠢᠶᠠᠲᠤ ᠣᠷᠣᠨ ᠤ ᠨᠡᠶᠢᠭᠡᠮ ᠤᠨ ᠠᠮᠤᠷ ᠲᠦᠪᠰᠢᠨ ᠤ ᠬᠢᠷᠢ ᠲᠦᠪᠰᠢᠨ ᠢ | ᠳᠡᠭᠡᠭᠰᠢᠯᠡᠭᠦᠯᠬᠦ ᠪᠣᠯᠤᠨ᠎ᠠ᠃ ᠨᠢᠭᠡ ᠳᠤ᠂ ᠭᠤᠣᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ | ᠭᠤᠣᠯᠳᠠᠯᠭ᠎ᠠ ᠲᠠᠢ ᠬᠥᠮᠥᠰ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠪᠠ᠃ ᠵᠥᠷᠢᠴᠡᠯ ᠵᠢᠭᠤᠷᠠᠯᠳᠤᠭᠠᠨ ᠢ | ᠵᠢᠭᠰᠠᠭᠠᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠮᠡᠳᠡᠭᠡ ᠵᠠᠩᠭᠢ ᠶᠢ ᠬᠤᠷᠢᠶᠠᠩᠭᠤᠶᠢᠯᠠᠬᠤ᠂ | ᠵᠠᠳᠠᠯᠤᠨ ᠰᠤᠳᠤᠯᠵᠤ ᠮᠠᠭᠠᠳᠯᠠᠬᠤ ᠠᠵᠢᠯ ᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ᠂ | ᠬᠥᠳᠡᠯᠦᠩᠭᠦᠶ ᠬᠠᠮᠢᠶᠠᠷᠤᠯᠲᠠ ᠶᠢ ᠴᠢᠷᠮᠠᠶᠢᠨ ᠪᠣᠶ ᠪᠣᠯᠭᠠᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠡᠬᠢ | ᠡᠭᠦᠰᠦᠯ ᠠᠴᠠ ᠨᠢ ᠰᠡᠷᠭᠡᠶᠢᠯᠡᠬᠦ᠂ ᠦᠨᠳᠦᠰᠦᠨ ᠱᠠᠲᠤᠨ ᠳᠤ ᠠᠷᠢᠯᠭᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠦᠨᠡᠨ | ᠬᠦ ᠪᠠᠲᠤᠯᠠᠨ᠎ᠠ︔ ᠬᠤᠶᠠᠷ ᠲᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ | ᠂ ᠨᠡᠶᠢᠭᠡᠮ ᠤᠨ ᠠᠮᠤᠷ ᠲᠦᠪᠰᠢᠨ ᠤ ᠲᠣᠪᠤᠶᠢᠮ᠎ᠠ ᠠᠰᠠᠭᠤᠳᠠᠯ ᠵᠢᠴᠢ ᠭᠤᠣᠯᠳᠠᠯᠭ᠎ᠠ ᠲᠠᠢ ᠭᠠᠵᠠᠷ ᠣᠷᠣᠨ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠷᠠᠭᠤᠯᠤᠨ᠂ ᠡᠮᠨᠡᠯᠭᠡ ᠶᠢᠨ ᠬᠤᠷᠢᠶ᠎ᠠ᠂ ᠬᠤᠳᠠᠯᠳᠤᠭ᠎ᠠ ᠬᠡᠲᠦ | ᠳᠡᠯᠭᠡᠭᠦᠷ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠵᠡᠷᠭᠡ ᠬᠥᠮᠥᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠪᠠ | ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠶᠢ | ᠴᠢᠩᠭᠠᠷᠠᠭᠤᠯᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠂ ᠬᠡᠲᠦᠷᠡᠮᠡᠬᠡᠢ ᠬᠡᠷᠡᠭ ᠪᠠ ᠲᠣᠪᠤᠶᠢᠮ᠎ᠠ ᠠᠰᠠᠭᠤᠳᠠᠯ ᠭᠠᠷᠬᠤ ᠦᠭᠡᠢ | ᠪᠠᠶᠢᠬᠤ ᠶᠢ ᠦᠨᠡᠨᠬᠦ ᠪᠠᠲᠤᠯᠠᠨ᠎ᠠ︔ ᠭᠤᠷᠪᠠ ᠳᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ | ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠣᠶ ᠪᠣᠯᠭᠠᠨ᠂ ᠣᠯᠠᠨ ᠲᠦᠮᠡᠨ ᠤ ᠬᠠᠤᠯᠢ ᠴᠠᠭᠠᠵᠠ ᠶᠢᠨ ᠦᠵᠡᠯ | ᠤᠬᠠᠮᠰᠠᠷ ᠢ ᠴᠢᠩᠭᠠᠷᠠᠭᠤᠯᠵᠤ᠂ ᠬᠠᠤᠯᠢ ᠶᠣᠰᠣᠨ ᠤ ᠠᠷᠭ᠎ᠠ ᠵᠠᠮ ᠢᠶᠠᠷ ᠳᠠᠮᠵᠢᠭᠤᠯᠤᠨ ᠵᠥᠷᠢᠴᠡᠯ ᠵᠢᠭᠤᠷᠠᠯᠳᠤᠭᠠᠨ ᠢ | ᠰᠢᠢᠳᠪᠦᠷᠢᠯᠡᠬᠦ ᠶᠢ ᠬᠥᠲᠥᠯᠥᠨ ᠵᠢᠯᠣᠭᠤᠳᠤᠨ᠎ᠠ᠃ | | | |