ᠤᠮᠠᠷᠠᠳᠤ ᠶᠢᠨ ᠬᠤᠪᠤᠷ ᠰᠢᠷᠤᠢ ᠶᠢᠨ ︽ᠰᠡᠶᠢᠷᠡᠭ︾ ᠳᠠᠸᠠᠷ ᠤᠨ ᠱᠣᠰᠢᠭ᠎ᠠ ᠨᠢ ᠵᠢᠩᠬᠢᠨᠢ ᠪᠠᠷ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠭᠡ ᠶᠢᠨ ᠳᠤᠪᠴᠢᠶᠠᠨ ᠤ ᠬᠢᠨᠠᠨ ᠵᠦᠪᠰᠢᠶᠡᠷᠡᠵᠦ ᠳᠠᠩᠰᠠᠯᠠᠭᠳᠠᠪᠠ
ᠨᠡᠶᠢᠲᠡᠯᠡᠭᠰᠡᠨ ᠴᠠᠭ᠄
2025/4/11
    ᠤᠶᠢᠷ᠎ᠠ ᠳᠤ᠂ ᠬᠤᠪᠣᠷ ᠰᠢᠷᠤᠢ ᠶᠢᠨ ᠳᠡᠭᠡᠳᠦ ᠰᠤᠷᠭᠠᠭᠤᠯᠢ ᠳᠠᠬᠢᠨ ᠪᠠᠶᠠᠷ ᠤᠨ ᠮᠡᠳᠡᠭᠡ ᠤᠯᠠᠮᠵᠢᠯᠠᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠬᠤᠪᠣᠷ ᠰᠢᠷᠤᠢ ᠶᠢᠨ  ᠬᠠᠶᠢᠯᠤᠰᠢ ᠵᠡᠷᠭᠡ ᠭᠤᠣᠯᠯᠠᠬᠤ ᠦᠢᠯᠡᠳᠬᠦᠨ ᠤ ᠭᠤᠶᠤᠴᠢᠯᠠᠭᠰᠠᠨ ︽ᠰᠡᠢᠷᠡᠭ︾ ᠲᠠᠸᠠᠷ ᠤᠨ ᠲᠡᠮᠳᠡᠭ ᠲᠤ ᠲᠦᠰᠢᠭᠯᠡᠨ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶᠠᠨ ᠤ ᠬᠢᠨᠠᠨ ᠵᠦᠪᠰᠢᠶᠡᠷᠡᠵᠦ ᠳᠠᠩᠰᠠᠯᠠᠭᠤᠯᠬᠤ ᠪᠣᠯᠵᠠᠢ᠃     ᠣᠶᠢᠷ᠎ᠠ ᠶᠢᠨ ᠵᠢᠯ ᠤᠳ ᠲᠤ᠂ ᠬᠤᠪᠣᠷ ᠰᠢᠷᠣᠶ ᠶᠢᠨ ᠬᠦᠷᠢᠶᠡᠯᠡᠩ ᠬᠤᠪᠣᠷ ᠰᠢᠷᠣᠶ ᠶᠢᠨ ᠬᠠᠶᠢᠯᠤᠰᠢ ᠶᠢᠨ ᠮᠠᠲ᠋ᠧᠷᠢᠶᠠᠯ ᠢ ᠰᠤᠳᠤᠯᠤᠨ ᠨᠡᠭᠡᠭᠡᠬᠦ ᠲᠠᠯ᠎ᠠ ᠪᠠᠷ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠵᠣ᠂ ᠪᠦᠯᠬᠦᠮ ᠨᠡᠶᠢᠲᠡ ᠪᠠᠷ ᠢᠶᠠᠨ ᠬᠤᠪᠣᠷ ᠰᠢᠷᠣᠶ ᠶᠢᠨ ᠬᠠᠶᠢᠯᠤᠰᠢ ᠶᠢ ᠬᠠᠶᠢᠯᠤᠭᠤᠯᠬᠤ ᠶᠠᠪᠤᠴᠠ ᠳᠠᠬᠢ ᠬᠤᠯᠢᠮᠠᠭ ᠡᠯᠧᠮᠧᠨ᠋ᠲ ᠢ ᠡᠵᠡᠮᠳᠡᠬᠦ ᠵᠡᠷᠭᠡ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠳᠠᠯᠢ ᠪᠤᠰᠤ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠳᠣᠭᠢᠷᠠᠬᠤ ᠣᠯᠠᠨ ᠵᠦᠢᠯ ᠤᠨ ᠴᠢᠨᠠᠷ ᠰᠠᠶᠢᠲᠠᠶ ᠬᠤᠪᠣᠷ ᠰᠢᠷᠣᠶ ᠶᠢᠨ ᠬᠠᠶᠢᠯᠤᠰᠢ ᠶᠢᠨ ᠮᠠᠲ᠋ᠧᠷᠢᠶᠠᠯ ᠵᠢᠴᠢ ᠲᠡᠭᠦᠨ ᠤ ᠳᠣᠤᠷ᠎ᠠ ᠥᠪᠡᠷ ᠤᠨ ᠥᠷᠲᠡᠭ ᠢᠶᠠᠷ  ᠦᠢᠯᠡᠳᠬᠦ ᠮᠡᠷᠭᠡᠵᠢᠯ ᠢ ᠠᠮᠵᠢᠯᠲᠠ ᠲᠠᠢ ᠪᠠᠷ ᠨᠡᠭᠡᠭᠡᠨ ᠬᠥᠭᠵᠢᠭᠦᠯᠵᠦ᠂  ᠦᠢᠯᠡᠳᠭᠦᠨ ᠢ ᠬᠤᠪᠣᠷ ᠰᠢᠷᠣᠶ ᠶᠢᠨ ᠴᠢᠳᠠᠮᠵᠢ ᠶᠢᠨ ᠮᠠᠲ᠋ᠧᠷᠢᠶᠠᠯ᠂ ᠲᠡᠮᠦᠷᠯᠢᠭ ᠤᠨ ᠮᠠᠲ᠋ᠧᠷᠢᠶᠠᠯ᠂ ᠰᠢᠨ᠎ᠡ ᠡᠨᠧᠷᠭᠢ ᠵᠡᠷᠭᠡ ᠬᠦᠷᠢᠶᠡᠨ ᠳᠤ ᠥᠷᠭᠡᠨ ᠢᠶᠠᠷ ᠬᠡᠷᠡᠭᠯᠡᠪᠡ᠃ ᠣᠳᠣᠬᠠᠨ ᠳᠤ ᠨᠢᠭᠡᠨᠲᠡ ᠲᠤᠰᠬᠠᠶ ᠠᠰᠢᠭ ᠤᠨ ᠡᠷᠬᠡ ᠣᠯᠤᠭᠰᠠᠨ 30 ᠭᠠᠷᠤᠶ  ᠵᠦᠢᠯ ︵ᠡᠭᠦᠨ ᠳᠤ ᠡᠭᠦᠳᠦᠯᠲᠡ ᠶᠢᠨ ᠲᠤᠰᠬᠠᠶ ᠠᠰᠢᠭ 20 ᠭᠠᠷᠤᠶ  ᠵᠦᠢᠯ︶᠂ ᠡᠯ᠎ᠡ ᠲᠥᠷᠥᠯ ᠤᠨ  ᠦᠢᠯᠡᠳᠭᠦᠨ ᠤ ᠪᠠᠷᠢᠮᠵᠢᠶ᠎ᠠ ᠶᠢ 11 ᠨᠡᠶᠢᠲᠡᠯᠡᠵᠦ᠂ ᠭᠤᠤᠯᠯᠠᠬᠤ ᠮᠡᠷᠭᠡᠵᠢᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠷᠢᠰᠢᠭᠤᠯᠤᠯᠲᠠ ᠶᠢ ᠦᠨᠳᠦᠰᠦᠨ ᠳᠡᠭᠡᠨ ᠪᠡᠶᠡᠯᠡᠭᠦᠯᠪᠡ᠃ ᠡᠲᠡᠭᠡᠷ ᠮᠡᠳᠡᠯᠭᠡ ᠶᠢᠨ ᠦᠮᠴᠢᠯᠡᠯ ᠤᠨ ᠡᠷᠬᠡ ᠨᠢ ᠬᠤᠪᠣᠷ ᠰᠢᠷᠣᠶ ᠶᠢᠨ ᠬᠠᠶᠢᠯᠤᠰᠢ ᠶᠢᠨ ᠪᠦᠷᠢᠯᠳᠦᠬᠦᠨ ᠢ ᠵᠢᠷᠤᠵᠤ ᠲᠥᠯᠥᠪᠯᠡᠬᠦ᠂ ᠦᠢᠯᠡᠳᠬᠦ ᠤᠷ᠎ᠠ ᠮᠡᠷᠭᠡᠵᠢᠯ ᠢ ᠬᠠᠮᠤᠷᠤᠭᠰᠠᠨ ᠢᠶᠠᠷ ᠪᠠᠷᠠᠬᠤ ᠥᠬᠡᠶ᠂ ᠪᠠᠰᠠ ᠬᠤᠪᠣᠷ ᠰᠢᠷᠣᠶ ᠶᠢᠨ ᠬᠠᠶᠢᠯᠤᠰᠢ ᠶᠢᠨ ᠬᠡᠷᠡᠭᠯᠡᠭᠡᠨ ᠤ ᠮᠡᠷᠭᠡᠵᠢᠯ ᠢ ᠪᠠᠭᠲᠠᠭᠠᠨ᠎ᠠ᠃ ᠡᠨᠡ ᠬᠦ ᠬᠦᠰᠢᠶ᠎ᠡ ᠳᠤᠷᠠᠰᠬᠠᠯ ᠤᠨ ᠬᠡᠷᠡᠭ ᠨᠢ ᠬᠤᠪᠣᠷ ᠰᠢᠷᠣᠶ ᠶᠢᠨ ᠬᠦᠷᠢᠶᠡᠯᠡᠩ ᠤᠨ ᠬᠤᠪᠣᠷ ᠰᠢᠷᠣᠶ ᠶᠢᠨ ᠬᠠᠶᠢᠯᠤᠰᠢ ᠶᠢᠨ ᠦᠢᠯᠡᠳᠬᠦᠨ ᠮᠡᠷᠭᠡᠵᠢᠯ ᠤᠨ ᠰᠢᠪᠲᠤᠯᠤᠯᠲᠠ ᠠᠴᠠ ᠲᠥᠷᠥᠯ ᠲᠡᠮᠳᠡᠭ ᠢ ᠱᠤᠭᠤᠬᠤ ᠬᠦᠷᠲᠡᠯᠡᠬᠢ ᠳᠠᠪᠠᠯᠳᠠᠳᠤ ᠮᠠᠶ᠋ᠢᠭ ᠤᠨ ᠲᠠᠰ ᠳᠡᠪᠰᠢᠬᠦ ᠶᠢ ᠪᠡᠶᠡᠯᠡᠭᠦᠯᠵᠦ᠂ ᠲᠤᠰᠬᠠᠶ ᠠᠰᠢᠭ᠂ ᠦᠢᠯᠡᠳᠭᠦᠨ ᠤ ᠪᠠᠷᠢᠮᠵᠢᠶ᠎ᠠ᠂ ᠲᠠᠸᠠᠷ ᠤᠨ ᠲᠡᠮᠳᠡᠭ ᠭᠤᠷᠪᠠ ᠶᠢ ᠨᠢᠭᠡ ᠴᠤᠭᠴᠠᠵᠢᠭᠤᠯᠤᠭᠰᠠᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠵᠤ᠂ ᠤᠮᠠᠷᠠᠲᠤ ᠶᠢᠨ ᠬᠤᠪᠣᠷ ᠰᠢᠷᠣᠶ ᠶᠢᠨ ᠰᠠᠶᠢᠨ ︽ᠬᠤᠶᠠᠷ ᠬᠤᠪᠣᠷ ᠰᠢᠷᠣᠶ ᠶᠢᠨ ᠰᠠᠭᠤᠷᠢᠨ︾ ᠤ ᠪᠥᠲᠥᠭᠡᠨ ᠪᠠᠶᠢᠭᠤᠯᠤᠯᠲᠠ ᠶᠢᠨ ᠭᠤᠤᠯ ᠬᠦᠴᠦᠨ ᠤ ᠬᠦᠴᠦᠨ ᠴᠢᠳᠠᠯ ᠢᠶᠠᠨ ᠡᠷᠭᠦᠬᠦ ᠶᠢ ᠬᠠᠷᠠᠭᠤᠯᠵᠤ ᠪᠠᠶᠢᠨ᠎ᠠ᠃ ︽ᠰᠢᠩᠭᠡᠭᠡᠨ ︾ ᠮᠡᠨᠳᠦᠯᠡᠭᠰᠡᠨ ᠨᠢ ᠬᠤᠪᠣᠷ ᠰᠢᠷᠣᠶ ᠶᠢᠨ ᠬᠠᠶᠢᠯᠤᠰᠢ ᠶᠢᠨ ᠨᠡᠷᠡᠲᠦ ᠲᠡᠮᠳᠡᠭ ᠤᠨ ᠬᠦᠴᠦᠨ᠂ ᠭᠤᠤᠯᠯᠠᠬᠤ ᠥᠷᠢᠰᠦᠯᠳᠦᠬᠦ ᠬᠦᠴᠦᠨ᠂ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠭᠰᠡᠨ ᠪᠥᠭᠡᠳ ᠲᠡᠷᠢᠭᠦᠨ ᠤ ᠮᠠᠲ᠋ᠧᠷᠢᠶᠠᠯ ᠤᠨ ᠬᠤᠪᠣᠷ ᠰᠢᠷᠣᠶ ᠶᠢᠨ ᠬᠠᠶᠢᠯᠤᠰᠢ ᠶᠢᠨ ᠠᠵᠤ ᠦᠢᠯᠡᠰ ᠤᠨ ᠰᠠᠭᠤᠷᠢ ᠶᠢ ᠪᠠᠬᠢᠵᠢᠭᠦᠯᠵᠦ᠂ ᠰᠢᠨ᠎ᠡ ᠡᠨᠧᠷᠭᠢ᠂  ᠡᠯᠧᠺᠲᠷᠤᠨ‌ᠮᠡᠳᠡᠭᠡ ᠵᠠᠩᠭᠢ᠂ ᠠᠭᠠᠷ ᠰᠠᠨᠰᠠᠷ ᠤᠨ ᠠᠶᠠᠯᠠᠯ ᠵᠡᠷᠭᠡ ᠠᠵᠤ ᠦᠢᠯᠡᠰ ᠵᠢᠴᠢ ᠴᠢᠬᠤᠯᠠ ᠶᠡᠭᠡ ᠢᠨᠵᠧᠨᠧᠷᠢᠩ ᠤᠨ ᠬᠦᠷᠢᠶᠡᠨ ᠳᠤ ᠲᠤᠯᠭᠠᠭᠤᠷᠢᠯᠠᠯ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠮᠠᠨ ᠤ ᠤᠯᠤᠰ ᠤᠨ ᠴᠢᠬᠤᠯᠠ ᠰᠠᠭᠤᠷᠢ ᠮᠠᠲ᠋ᠧᠷᠢᠶᠠᠯ ᠤᠨ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠪᠠᠲᠤᠯᠠᠬᠤ ᠳᠤ ᠵᠣᠬᠢᠬᠤ ᠬᠡᠮᠵᠢᠶ᠎ᠡ ᠪᠠᠷ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃
 
ᠢᠷᠡᠯᠲᠡ᠄ ᠤᠮᠠᠷᠠᠳᠤ ᠶᠢᠨ ᠬᠤᠪᠤᠷ ᠰᠢᠷᠤᠢ ᠵᠢᠨ‌‍ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号