︽ᠰᠢᠨ᠎ᠡ ᠦᠵᠡᠯ ᠰᠠᠨᠠᠭ᠎ᠠ · ᠵᠠᠯᠠᠭᠤᠴᠤᠳ ᠤᠨ ᠶᠠᠷᠢᠶ᠎ᠠ︾ ᠤᠨᠤᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ ᠤᠨ ᠤᠯᠠᠨ ᠲᠦᠮᠡᠨᠴᠢᠯᠡᠭᠰᠡᠨ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠬᠦᠷᠪᠡ
ᠨᠡᠶᠢᠲᠡᠯᠡᠭᠰᠡᠨ ᠴᠠᠭ᠄
2025/4/12
    4 ᠰᠠᠷ᠎ᠠ ᠶᠢᠨ 3 ᠤ ᠡᠳᠦᠷ᠂ ︽ᠰᠢᠨ᠎ᠡ ᠦᠵᠡᠯ ᠰᠠᠨᠠᠭ᠎ᠠ · ᠵᠠᠯᠠᠭᠤᠴᠤᠳ ᠤᠨ ᠶᠠᠷᠢᠶ᠎ᠠ︾   ᠶᠢᠨ ᠤᠨᠤᠯ ᠰᠤᠷᠤᠯᠴᠠᠬᠤ ᠬᠥᠩᠭᠡᠨ ᠮᠣᠷᠢᠲᠤ ᠴᠡᠷᠢᠭ ᠤᠨ ᠤᠯᠠᠨ ᠲᠦᠮᠡᠨᠴᠢᠯᠡᠭᠰᠡᠨ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠬᠦᠷᠴᠦ᠂ ︽ᠬᠤᠶᠠᠷ ᠰᠢᠨ᠎ᠡ︾  ᠶᠢᠨ ᠵᠣᠬᠢᠶᠠᠨ ᠪᠠᠶᠢᠭᠤᠯᠤᠯᠲᠠ ᠶᠢᠨ ᠬᠦᠷᠢᠶᠡᠨ ᠳᠤ ᠬᠥᠮᠥᠰ ᠤᠨ ᠰᠡᠳᠬᠢᠯ ᠳᠤ ᠭᠦᠨ ᠰᠠᠭᠤᠭᠳᠠᠭᠰᠠᠨ ᠤᠬᠠᠭᠤᠯᠤᠨ ᠲᠠᠶᠢᠯᠪᠤᠷᠢᠯᠠᠯᠲᠠ ᠶᠢ ᠠᠪᠴᠢᠷᠠᠭᠰᠠᠨ ᠪᠠᠶᠢᠨ᠎ᠠ᠃
   ᠤᠬᠠᠭᠤᠯᠤᠨ ᠲᠠᠶᠢᠯᠪᠤᠷᠢᠯᠠᠬᠤ ᠲᠤᠬᠠᠢ ᠶᠢᠨ ᠲᠠᠯᠠᠪᠠᠶ ᠳᠤ ᠯᠢᠶᠠᠩ ᠰᠢᠶᠣᠣ ᠮᠢᠨ᠂ ᠸᠠᠩ ᠵᠢᠶᠠᠨ ᠭᠦᠸᠧ᠂ ᠵᠠᠩ ᠵᠢᠩ ᠵᠢᠩ᠂ ᠵᠤᠤ  ᠮᠧᠩ ᠲᠢᠩ ᠵᠡᠷᠭᠡ ᠳᠦᠷᠪᠡᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ︽ᠬᠤᠪᠢᠰᠬᠠᠯ ᠤᠨ ᠵᠠᠮ ᠢᠶᠠᠷ ᠰᠢᠨ᠎ᠡ ᠴᠠᠭ ᠦᠶ᠎ᠡ ᠶᠢᠨ ᠪᠦᠯᠬᠦᠮᠳᠡᠨ ᠲᠡᠮᠡᠴᠡᠬᠦ ᠰᠢᠨ᠎ᠡ ᠠᠶᠠᠨ ᠢ ᠵᠠᠮᠴᠢᠯᠠᠨ᠎ᠠ︾᠂ ︽ᠲᠠᠪᠤᠨ ᠬᠠᠮᠲᠤ ᠪᠠᠷ︾ ᠬᠠᠷᠠᠭᠠᠰᠤ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠬᠠᠵᠤ ᠪᠠᠲᠤ ᠪᠤᠢ ᠪᠣᠯᠭᠠᠶ᠎ᠠ︾᠂ ︽ᠪᠠᠲᠤᠬᠠᠭᠠᠯᠭ᠎ᠠ ᠶᠢᠨ ᠪᠣᠰᠣᠯᠭ᠎ᠠ ᠳᠤ ᠥᠪᠥᠷ ᠮᠣᠩᠭᠤᠯ ᠤᠨ ᠠᠷᠠᠳ ᠲᠦᠮᠡᠨ ᠤ ᠪᠦᠯᠬᠦᠮᠳᠡᠨ ᠶᠠᠫᠤᠨ ᠢ ᠡᠰᠡᠷᠭᠦᠴᠡᠭᠰᠡᠨ ᠢ ᠲᠡᠮᠳᠡᠭᠯᠡᠶ᠎ᠡ︾᠂ ︽ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠪᠠᠲᠤᠳᠬᠠᠵᠤ ᠠᠭᠤᠤ ᠶᠡᠭᠡ ᠡᠬᠡ ᠤᠯᠤᠰ ᠢᠶᠠᠨ ᠳᠡᠭᠡᠳᠦ ᠬᠡᠮᠵᠢᠶ᠎ᠡ ᠪᠠᠷ ᠮᠡᠳᠡᠷᠡᠬᠦ ᠰᠡᠳᠬᠢᠯᠭᠡ ᠶᠢ ᠪᠠᠲᠤᠳᠬᠠᠬᠤ ᠬᠡᠷᠡᠭᠲᠡᠢ︾ ᠭᠡᠬᠦ ᠰᠡᠳᠦᠪ ᠢᠶᠠᠷ ᠠᠮᠢᠳᠤ ᠴᠣᠪᠣᠭᠤᠯᠢᠭ ᠬᠡᠷᠡᠭ ᠤᠨ ᠵᠢᠱᠢᠶ᠎ᠡ᠂ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠴᠢᠬᠤᠯᠠ ᠠᠭᠤᠯᠭ᠎ᠠ ᠪᠠ ᠭᠦᠨ ᠭᠦᠨᠵᠡᠭᠡᠢ ᠠᠭᠤᠯᠤᠭᠳᠠᠬᠤᠨ ᠢ ᠲᠣᠳᠣᠷᠬᠠᠶᠢᠯᠠᠨ ᠲᠠᠶᠢᠯᠪᠤᠷᠢᠯᠠᠪᠠ᠃   ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠲᠠᠷᠠᠭ᠎ᠠ᠂ ᠤᠯᠠᠨ ᠢᠶᠠᠷ ᠢᠶᠠᠨ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠨᠢ ᠪᠢᠳᠡᠨ ᠢ ᠬᠠᠪᠰᠤᠷᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠭᠤᠯᠤᠭᠳᠠᠬᠤᠨ ᠢ ᠤᠯᠠᠮ ᠴᠢᠨᠠᠭᠰᠢᠳᠠ ᠲᠠᠨᠢᠭᠤᠯᠵᠤ᠂ ᠪᠢᠳᠡᠨ ᠤ ᠰᠣᠷᠣᠭᠰᠠᠨ ᠮᠡᠳᠡᠯᠭᠡ ᠪᠠᠨ ᠪᠣᠳᠠᠲᠠᠢ ᠠᠵᠢᠯ ᠳᠤᠮᠳᠠ ᠪᠠᠨ ᠬᠡᠷᠡᠭᠯᠡᠵᠦ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃ ᠤᠯᠤᠰ ᠤᠨ ᠡᠮ ᠤᠨ ᠬᠤᠪᠢ ᠣᠷᠣᠭᠤᠯᠤᠯᠲᠠ ᠶᠢ ᠡᠷᠬᠡᠰᠢᠶᠡᠬᠦ ᠪᠤᠭᠤᠲᠤ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠡᠭᠦᠷ ᠤᠨ ᠱᠦᠵᠢ ᠶᠤᠸᠠᠢ ᠽᠦ ᠭᠠᠩ᠄ ︽ᠰᠢᠨ᠎ᠡ ᠪᠠᠷ ᠮᠠᠨᠳᠤᠭᠰᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠡ ᠭᠡᠰᠢᠭᠦᠨ ᠪᠣᠯᠤᠭᠰᠠᠨ ᠤ ᠬᠤᠪᠢ ᠳᠤ᠂ ᠪᠢᠳᠡ ᠲᠤᠰ ᠤᠳᠠᠭ᠎ᠠ ᠶᠢᠨ ᠬᠤᠪᠢᠰᠬᠠᠯ ᠤᠨ ᠤᠬᠠᠭᠤᠯᠭ᠎ᠠ ᠶᠢᠨ ᠳᠤᠮᠳᠠ ᠠᠴᠠ ᠵᠣᠷᠢᠭᠵᠢᠭᠤᠯᠤᠯ ᠪᠠ ᠳᠣᠭᠳᠣᠯᠤᠯ ᠢ ᠣᠯᠵᠤ᠂ ᠪᠢᠳᠡ ᠤᠯᠠᠭᠠᠨ ᠰᠤᠳᠠᠰᠤ ᠶᠢ ᠦᠷᠭᠦᠯᠵᠢᠯᠡᠭᠦᠯᠵᠦ᠂ ᠥᠪᠥᠷ ᠮᠣᠩᠭᠤᠯ ᠤᠨ ᠡᠮ ᠡᠮᠨᠡᠯᠭᠡ ᠶᠢᠨ ᠬᠥᠭᠵᠢᠯᠲᠡ ᠳᠤ ᠠᠵᠤ ᠠᠬᠤᠶᠢᠯᠠᠯ ᠤᠨ ᠬᠦᠴᠦᠨ ᠴᠢᠳᠠᠯ ᠢᠶᠠᠨ ᠡᠷᠭᠦᠨ᠎ᠡ︾ ᠭᠡᠪᠡ᠃    ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠬᠤᠶᠠᠷ ᠰᠢᠨ᠎ᠡ︾ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ᠂ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠵᠢᠴᠢ ᠨᠠᠮ ᠤᠨ ᠠᠵᠢᠯ ᠤᠨ ᠠᠵᠢᠯᠲᠠᠨ 110 ᠭᠠᠷᠤᠢ ᠬᠥᠮᠥᠨ ᠲᠤᠬᠠᠢ ᠶᠢᠨ ᠲᠠᠯᠠᠪᠠᠢ ᠳᠤ ᠢᠷᠡᠵᠤ ᠤᠬᠠᠭᠤᠯᠤᠨ ᠲᠠᠶᠢᠯᠪᠤᠷᠢᠯᠠᠬᠤ ᠶᠢ ᠰᠣᠨᠣᠰᠴᠠᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号