ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠬᠡᠮᠵᠢᠶ᠎ᠡ ᠪᠠ ᠠᠷᠠᠯᠵᠢᠶ᠎ᠠ ᠪᠦᠲᠦᠭᠰᠡᠨ ᠨᠣᠷᠮ᠎ᠠ ︽ᠬᠤᠶᠠᠷ ᠢ ᠳᠠᠭᠠᠭᠤᠯᠬᠤ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/4/15
    2025 ᠣᠨ ᠤ ᠨᠢᠭᠡᠳᠦᠭᠡᠷ ᠤᠯᠠᠷᠢᠯ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠭᠤᠯᠤᠭᠰᠠᠨ ᠲᠤᠭ᠎ᠠ 65 ᠪᠠᠶᠢᠵᠤ᠂ ᠠᠷᠠᠯᠵᠢᠶ᠎ᠠ ᠪᠦᠲᠦᠭᠰᠡᠨ ᠬᠡᠮᠵᠢᠶ᠎ᠡ 1.56 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠲᠣᠰ ᠪᠤᠭᠤᠲᠤ ᠬᠤᠲᠠ ᠶᠢᠨ ᠶᠡᠷᠦᠩᠬᠡᠶ ᠬᠡᠮᠵᠢᠶᠡᠨ ᠤ 43.9% ᠪᠠ 49.01% ᠶᠢ ᠡᠵᠡᠯᠡᠵᠦ᠂ ︽ᠬᠤᠤᠰ ᠳᠠᠭᠠᠭᠤᠯᠤᠨ ᠭᠦᠶᠦᠬᠦ︾ ᠶᠢ ᠪᠡᠶᠡᠯᠡᠭᠦᠯᠪᠡ᠃ᠲᠦᠷᠦ ᠶᠢᠨ ᠪᠤᠳᠤᠯᠭ᠎ᠠ ᠪᠠᠷ ᠬᠦᠳᠦᠯᠦᠨ ᠳᠠᠭᠠᠭᠤᠯᠵᠤ᠂ ᠰᠢᠨ᠎ᠡ ᠶᠢ ᠡᠭᠦᠳᠬᠦ ᠠᠮᠢ ᠠᠬᠤᠢ ᠶᠢᠨ ᠥᠨᠳᠦᠷᠯᠢᠭ ᠢ ᠪᠠᠶᠢᠭᠤᠯᠤᠨ᠎ᠠ     ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠨ ᠠᠬᠢᠭᠤᠯᠬᠤ ᠠᠵᠢᠯᠯᠠᠭᠠᠨ ᠤ ᠨᠠᠢᠮᠠᠨ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ — ᠲᠠᠪᠴᠠᠩ ᠢᠶᠠᠷ ᠲᠤᠯᠭᠠᠭᠤᠷᠢᠯᠠᠬᠤ —ᠦᠷ᠎ᠡ ᠪᠦᠲᠦᠭᠡᠯ ᠢ ᠤᠯᠠᠷᠢᠭᠤᠯᠬᠤ︾ ᠪᠥᠬᠦ ᠦᠶᠡᠯᠡᠯ ᠤᠨ ᠬᠤᠭᠤᠴᠠᠭᠠᠨ ᠤ ᠰᠢᠰᠲ᠋ᠧᠮ ᠢ ᠪᠠᠶᠢᠭᠤᠯᠤᠨ᠎ᠠ᠃ ᠲᠤᠰᠬᠠᠢ ᠪᠡᠯᠡ ᠮᠥᠩᠭᠦ ᠶᠢᠨ ᠲᠠᠲᠠᠭᠠᠯ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠡᠯᠬᠢᠶ᠎ᠡ ᠶᠢ ᠲᠡᠭᠦᠯᠳᠡᠷᠵᠢᠭᠦᠯᠵᠦ᠂ ᠮᠡᠷᠭᠡᠵᠢᠯ ᠤᠨ ᠡᠯᠧᠮᠧᠨ᠋ᠲ ᠢ ᠵᠠᠬ᠎ᠠ ᠳᠡᠯᠭᠡᠭᠦᠷᠴᠢᠯᠡᠨ ︽ᠲᠦᠷᠭᠡᠨ ᠤᠷᠤᠭᠰᠢᠯᠠᠬᠤ ᠳᠠᠷᠤᠪᠴᠢ︾ ᠶᠢ ᠳᠠᠷᠤᠨ᠎ᠠ᠃ᠨᠠᠷᠢᠯᠢᠭ ᠣᠨᠣᠴᠠᠲᠠᠶ ᠪᠠᠷ ᠦᠢᠯᠡᠴᠢᠯᠡᠵᠦ᠂ ᠠᠵᠤ ᠠᠬᠤᠶᠢᠯᠠᠯ ᠤᠨ ᠮᠡᠷᠭᠡᠵᠢᠯ ᠤᠨ ᠤᠯᠠᠷᠢᠭᠤᠯᠤᠯᠲᠠ ᠶᠢ ᠬᠠᠮᠠᠭᠠᠯᠠᠨ᠎ᠠ     ᠣᠯᠠᠨ ᠲᠦᠮᠡᠨ ᠤ ᠮᠠᠶ᠋ᠢᠭ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠦᠢᠯᠡᠰ ᠤᠨ ᠬᠦᠷᠢᠶ᠎ᠡ ᠴᠠᠷᠠᠭ᠎ᠠ ᠪᠠ ᠠᠵᠤ ᠠᠬᠤᠶᠢᠯᠠᠯ ᠤᠨ ᠬᠡᠪᠴᠢᠶ᠎ᠡ ᠶᠣᠰᠣᠭᠠᠷ ᠬᠢᠴᠢᠶᠡᠯ ᠲᠣᠭᠲᠠᠭᠠᠵᠤ᠂ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ ᠪᠣᠯᠪᠠᠰᠤᠷᠠᠭᠤᠯᠤᠯ ᠢ 220 ᠭᠠᠷᠤᠢ ᠠᠵᠤ ᠠᠬᠤᠶᠢᠯᠠᠯ ᠳᠤ ᠠᠰᠢᠭ ᠬᠦᠷᠲᠡᠭᠡᠪᠡ᠃ ᠣᠲᠣ ᠪᠣᠯᠲᠠᠯ᠎ᠠ᠂ ︽ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠤ ᠠᠬᠤᠶᠢᠯᠠᠯ ᠳᠤ ᠣᠷᠣᠬᠤ︾ ᠠᠵᠢᠯᠯᠠᠭ᠎ᠠ ᠶᠢ 7 ᠤᠳᠠᠭ᠎ᠠ ᠥᠷᠨᠢᠭᠦᠯᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠸᠠᠭᠠᠷ ᠱᠠᠭᠠᠵᠠᠩ᠂ ᠬᠤᠸᠠ ᡁᠢ ᠳ᠋ᠢᠩ ᠪᠠᠶᠢᠴᠠᠭᠠᠨ ᠰᠢᠯᠭᠠᠬᠤ᠂ ᠾᠦᠢ ᠳ᠋ᠧ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠵᠡᠷᠭᠡ ᠠᠵᠤ ᠠᠬᠤᠶᠢᠯᠠᠯ ᠳᠤ 409 ᠲᠦᠮᠡᠨ ᠲᠥᠭᠦᠷᠢᠭ ᠤᠨ ᠥᠷᠲᠡᠭ ᠪᠥᠬᠦᠶ ᠭᠡᠷ᠎ᠡ ᠶᠢᠨ ᠬᠠᠷᠠᠯᠲᠠ ᠶᠢ ᠠᠭᠤᠳᠠᠯᠤᠨ ᠭᠠᠷᠭᠠᠪᠠ᠃ᠬᠠᠮᠵᠢᠯᠴᠠᠨ ᠰᠢᠨ᠎ᠡ ᠶᠢ ᠡᠭᠦᠳᠴᠦ᠂ ᠦᠷ᠎ᠡ ᠪᠦᠲᠦᠭᠡᠯ ᠢ ᠬᠤᠪᠢᠷᠠᠭᠤᠯᠬᠤ ᠬᠥᠳᠡᠯᠭᠡᠬᠦ ᠬᠦᠴᠦᠨ ᠢ ᠬᠥᠭᠵᠢᠭᠡᠨ᠎ᠡ     ︽ᠠᠵᠤ ᠠᠬᠤᠶᠢᠯᠠᠯ ᠤᠨ ᠰᠡᠳᠦᠪ ᠭᠠᠷᠭᠠᠬᠤ᠂ ᠬᠦᠷᠢᠶᠡᠯᠡᠩ ᠭᠠᠵᠠᠷ ᠤᠨ ᠰᠡᠳᠦᠪ ᠲᠠᠶᠢᠯᠬᠤ᠂ ᠵᠠᠰᠠᠭ ᠤᠨ ᠣᠷᠳᠣᠨ ᠤ ᠰᠡᠳᠦᠪ ᠲᠤᠰᠠᠯᠠᠬᠤ︾ ᠵᠠᠭᠪᠤᠷ ᠢ ᠭᠦᠨᠵᠡᠭᠡᠶᠢᠷᠡᠭᠦᠯᠵᠦ᠂ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤᠮᠳᠠ ᠲᠤᠷᠰᠢᠯᠲᠠ ᠶᠢᠨ ᠰᠠᠭᠤᠷᠢᠨ ᠭᠠᠵᠠᠷ ᠤᠨ ᠲᠠᠪᠴᠠᠩ ᠳᠤ ᠲᠦᠰᠢᠭᠯᠡᠨ᠂ ᠴᠢᠨᠠᠷ ᠰᠠᠶᠢᠲᠠᠢ ᠲᠡᠮᠦᠷᠯᠢᠭ  ᠦᠢᠯᠡᠳᠬᠦ ᠮᠡᠷᠭᠡᠵᠢᠯ ᠤᠨ ᠲᠥᠷᠥᠯ ᠵᠦᠢᠯ ᠵᠡᠷᠭᠡ 3 ᠵᠦᠢᠯ ᠤᠨ ᠮᠡᠷᠭᠡᠵᠢᠯ ᠤᠨ ᠵᠥᠪᠰᠢᠶᠡᠷᠡᠯ ᠢ ᠪᠣᠶ ᠪᠣᠯᠭᠠᠬᠤ ᠶᠢ ᠠᠬᠢᠭᠤᠯᠤᠨ᠎ᠠ    ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠲᠠᠰ ᠳᠡᠪᠰᠢᠭᠦᠯᠬᠦ᠂ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠥᠭᠡᠮᠨᠡᠷᠡᠯ︾ ᠲᠠᠪᠴᠠᠩ ᠤᠨ ᠴᠢᠳᠠᠮᠵᠢ ᠲᠠᠰ ᠢ ᠳᠡᠭᠡᠭᠰᠢᠯᠡᠭᠦᠯᠬᠦ᠂ ᠤᠯᠤᠰ ᠤᠨ ᠲᠠᠰ ᠤᠨ 7 ᠰᠢᠨ᠎ᠡ ᠶᠢ ᠡᠭᠦᠳᠬᠦ ᠠᠴᠢᠶᠠᠯᠠᠪᠤᠷᠢ ᠶᠢ ᠬᠤᠯᠪᠣᠭᠠᠯᠠᠨ ᠬᠥᠳᠡᠯᠦᠯᠴᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠪᠢᠷᠠᠯᠲᠠ ᠶᠢᠨ ᠬᠡᠮᠵᠢᠶ᠎ᠡ ᠶᠢ ᠴᠢᠨᠠᠷ ᠰᠠᠶᠢᠲᠠᠶ ᠬᠥᠭᠵᠢᠯᠲᠡ ᠶᠢᠨ ᠨᠡᠮᠡᠭᠳᠡᠯ ᠤᠨ ᠬᠡᠮᠵᠢᠶ᠎ᠡ ᠪᠣᠯᠭᠠᠨ ᠬᠤᠪᠢᠷᠠᠭᠤᠯᠤᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号