ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠶᠢᠬᠠᠨ ᠲᠣᠭᠤᠷᠢᠭ ᠤᠨ ᠬᠤᠪᠢᠶᠠᠷᠢ | ᠲᠣᠪᠴᠢᠶ᠎ᠠ ᠰᠢᠩᠭᠡᠵᠢᠯ ᠬᠡᠢ ᠶᠢ ᠬᠠᠤᠯᠢ ᠪᠤᠰᠤ ᠪᠠᠷ ᠬᠠᠳᠠᠭᠠᠯᠠᠭᠰᠠᠨ᠂ ᠳᠦᠭᠦᠷᠭᠡᠭᠰᠡᠨ᠂ ᠪᠣᠷᠣᠯᠠᠭᠤᠯᠤᠭᠰᠠᠨ ᠬᠡᠷᠡᠭ ᠢ | ᠠᠮᠵᠢᠯᠲᠠ ᠲᠠᠢ ᠳᠡᠩᠨᠡᠨ ᠢᠯᠡᠷᠡᠭᠦᠯᠵᠡᠢ᠃ ᠡᠭᠦᠨ ᠳᠤ ᠲᠣᠮᠣ ᠭᠡᠯᠪᠡᠷᠢ ᠶᠢᠨ ᠰᠢᠩᠭᠡᠵᠢᠯ ᠬᠡᠢ ᠶᠢᠨ ᠰᠠᠪᠠ ᠶᠢᠨ 2 | ᠮᠠᠰᠢᠨ ᠲᠡᠷᠭᠡ᠂ ᠰᠢᠩᠭᠡᠵᠢᠯ ᠬᠡᠢ ᠶᠢᠨ ᠰᠠᠪᠠ ᠶᠢ ᠲᠡᠭᠡᠭᠡᠪᠦᠷᠢᠯᠡᠬᠦ ᠸᠠᠭᠤᠨ ᠮᠠᠶ᠋ᠢᠭ ᠤᠨ 2 ᠠᠴᠢᠶᠠᠨ ᠤ ᠮᠠᠰᠢᠨ ᠲᠡᠷᠭᠡ | ᠂ 1 ᠮᠠᠰᠢᠨ ᠲᠡᠷᠭᠡ᠂ 50 ᠺᠢᠯᠣᠭ᠍ᠷᠠᠮ ᠤᠨ ᠰᠢᠩᠭᠡᠵᠢᠯ ᠬᠡᠢ ᠶᠢᠨ ᠰᠠᠪᠠ 30᠂ 15 ᠺᠢᠯᠣᠭ᠍ᠷᠠᠮ ᠤᠨ ᠰᠢᠩᠭᠡᠵᠢᠯ | ᠬᠡᠢ ᠶᠢᠨ ᠰᠠᠪᠠ 25 ᠶᠢ ᠪᠠᠶᠢᠴᠠᠭᠠᠨ ᠭᠠᠷᠭᠠᠵᠤ᠂ ᠬᠠᠤᠯᠢ ᠪᠤᠰᠤ ᠪᠠᠷ ᠬᠠᠳᠠᠭᠠᠯᠠᠭᠰᠠᠨ ᠰᠢᠩᠭᠡᠵᠢᠯ ᠴᠢᠯᠠᠭᠤᠨ | ᠲᠣᠰᠣᠨ ᠤ ᠰᠢᠲᠠᠮᠠᠬᠠᠢ ᠬᠡᠢ ᠪᠣᠯᠣᠨ ᠪᠠᠭᠠᠵᠢ ᠬᠡᠷᠡᠭᠰᠡᠯ ᠢ ᠲᠦᠷ ᠦᠯᠡᠳᠡᠭᠡᠨ ᠠᠪᠴᠤ᠂ ᠬᠡᠷᠡᠭ ᠲᠤ ᠬᠤᠯᠪᠣᠭᠳᠠᠭᠰᠠᠨ | 3 ᠬᠥᠮᠥᠨ ᠢ ᠪᠠᠷᠢᠪᠴᠢᠯᠠᠵᠠᠢ᠃ ᠲᠠᠨᠢᠯᠴᠠᠭᠤᠯᠤᠭᠰᠠᠨ ᠢᠶᠠᠷ᠂ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠰᠠᠶᠢᠬᠠᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠠᠮᠢ ᠠᠬᠤᠢ ᠣᠷᠴᠢᠨ ᠲᠣᠭᠤᠷᠢᠨ ᠢᠳᠡᠭᠡᠨ | ᠪᠠ ᠡᠮ ᠤᠨ ᠵᠦᠢᠯᠡᠰ ᠤᠨ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠭᠢ ᠡᠳᠦᠷ ᠲᠤᠲᠤᠮ ᠤᠨ | ᠠᠵᠢᠯ ᠤᠨ ᠲᠣᠭᠤᠷᠢᠨ ᠴᠠᠭᠳᠠᠬᠤ ᠶᠠᠪᠤᠴᠠ ᠳᠠᠭᠠᠨ᠂ ᠭᠦᠭᠡᠬᠤᠲᠠ ᠶᠢᠨ ᠰᠠᠶᠢᠬᠠᠨ ᠲᠣᠭᠤᠷᠢᠭ ᠤᠨ ᠶᠢᠨ ᠾᠧ | ᠪᠠᠯᠭᠠᠰᠤᠨ ᠤ ᠨᠢᠭᠡᠨ ᠲᠣᠰᠬᠤᠨ ᠤ ᠬᠤᠭᠤᠰᠤᠨ ᠬᠦᠷᠢᠶᠡᠨ ᠳᠤ ᠦᠷᠭᠦᠯᠵᠢ ᠲᠣᠮᠣ ᠭᠡᠯᠪᠡᠷᠢ ᠶᠢᠨ ᠰᠢᠩᠭᠡᠵᠢᠯ | ᠬᠡᠢ ᠶᠢᠨ ᠰᠠᠪᠠ ᠶᠢᠨ ᠮᠠᠰᠢᠨ ᠲᠡᠷᠭᠡ ᠪᠠ ᠰᠢᠩᠭᠡᠵᠢᠯ ᠬᠡᠢ ᠶᠢᠨ ᠰᠠᠪᠠ ᠶᠢ ᠲᠡᠭᠡᠭᠡᠪᠦᠷᠢᠯᠡᠬᠦ ᠸᠠᠭᠤᠨ ᠮᠠᠶ᠋ᠢᠭ ᠤᠨ | ᠠᠴᠢᠶᠠᠨ ᠤ ᠮᠠᠰᠢᠨ ᠲᠡᠷᠭᠡ ᠣᠷᠣᠵᠤ ᠭᠠᠷᠴᠤ ᠪᠠᠶᠢᠬᠤ ᠶᠢ ᠣᠯᠵᠤ ᠮᠠᠲᠠᠵᠠᠢ᠃ ᠴᠠᠭᠳᠠᠭ᠎ᠠ ᠨᠠᠷ ᠲᠣᠰ ᠭᠠᠵᠠᠷ ᠲᠤ | ᠲᠠᠩᠨᠠᠨ ᠪᠠᠶᠢᠴᠠᠭᠠᠯᠲᠠ ᠬᠢᠵᠦ᠂ ᠲᠣᠰ ᠬᠤᠭᠤᠰᠤᠨ ᠬᠦᠷᠢᠶᠡᠨ ᠳᠣᠲᠣᠷ᠎ᠠ ᠰᠢᠩᠭᠡᠵᠢᠯ ᠬᠡᠢ ᠶᠢ ᠬᠠᠤᠯᠢ ᠪᠤᠰᠤ ᠪᠠᠷ | ᠲᠡᠭᠡᠭᠡᠪᠦᠷᠢᠯᠡᠨ ᠬᠠᠳᠠᠭᠠᠯᠠᠵᠤ ᠪᠣᠷᠣᠯᠠᠭᠤᠯᠤᠭᠰᠠᠨ ᠡᠭᠦᠷ ᠢ ᠢᠯᠡᠷᠡᠭᠦᠯᠵᠡᠢ᠃ ᠪᠠᠶᠢᠴᠠᠭᠠᠭᠰᠠᠨ ᠢᠶᠠᠷ᠂ ᠶᠠᠯ᠎ᠠ ᠶᠢᠨ | ᠰᠡᠵᠢᠭᠲᠡᠨ ᠵᠣᠣ ᠣᠪᠣᠭᠲᠤ ᠵᠡᠷᠭᠡ 3 ᠬᠥᠮᠥᠨ ᠰᠤᠯᠠ ᠪᠠᠶᠢᠭ᠎ᠠ ᠬᠦᠷᠢᠶᠡᠨ ᠳᠤ ᠰᠢᠩᠭᠡᠵᠢᠯ ᠴᠢᠯᠠᠭᠤᠨ ᠲᠣᠰᠣᠨ ᠤ | ᠰᠢᠲᠠᠮᠠᠬᠠᠢ ᠬᠡᠢ ᠶᠢ ᠬᠠᠤᠯᠢ ᠪᠤᠰᠤ ᠪᠠᠷ ᠲᠡᠭᠡᠭᠡᠪᠦᠷᠢᠯᠡᠨ ᠬᠠᠳᠠᠭᠠᠯᠠᠵᠤ ᠪᠣᠷᠣᠯᠠᠭᠤᠯᠤᠭᠰᠠᠨ ᠪᠠᠶᠢᠨ᠎ᠠ᠃ ᠣᠳᠣᠬᠠᠨ ᠳᠤ | ᠂ ᠭᠦᠭᠡᠬᠤᠲᠠ ᠶᠢᠨ ᠰᠠᠶᠢᠬᠠᠨ ᠲᠣᠭᠤᠷᠢᠭ ᠤᠨ ᠴᠠᠭᠳᠠᠭᠠᠨ ᠤ ᠲᠠᠯ᠎ᠠ ᠶᠢᠨ ᠬᠢᠨ 3 ᠬᠥᠮᠥᠨ ᠢ ᠡᠵᠡᠮᠳᠡᠵᠦ᠂ ᠬᠡᠷᠡᠭ ᠢ | ᠤᠯᠠᠮ ᠴᠢᠨᠠᠭᠰᠢᠳᠠ ᠳᠡᠩᠨᠡᠨ ᠰᠢᠢᠳᠪᠦᠷᠢᠯᠡᠵᠦ ᠪᠠᠶᠢᠨ᠎ᠠ᠃ ᠴᠠᠭᠳᠠᠭᠠᠨ ᠤ ᠰᠠᠨᠠᠭᠤᠯᠤᠮᠵᠢ᠄ ᠰᠢᠩᠭᠡᠵᠢᠯ ᠬᠡᠢ᠂ ᠴᠢᠶ᠋ᠢᠦ | ᠲᠣᠰᠣ ᠵᠡᠷᠭᠡ ᠪᠣᠯ ᠠᠶᠤᠯᠲᠠᠢ ᠬᠢᠮᠢ ᠶᠢᠨ ᠪᠣᠳᠠᠰ ᠮᠥᠨ᠂ ᠤᠯᠤᠰ ᠠᠴᠠ ᠲᠡᠭᠦᠨ ᠤ ᠡᠵᠡᠩᠨᠡᠯᠲᠡ ᠳᠤ | ᠵᠥᠪᠰᠢᠶᠡᠷᠡᠯ ᠤᠨ ᠳᠦᠷᠢᠮ ᠢ ᠬᠡᠷᠡᠭᠵᠢᠭᠦᠯᠳᠡᠭ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ | ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠣᠯᠣᠭᠰᠠᠨ ᠦᠭᠡᠢ ᠪᠣᠯ ᠳᠤᠷ᠎ᠠ ᠪᠠᠷ ᠢᠶᠠᠨ | ᠲᠡᠭᠡᠭᠡᠪᠦᠷᠢᠯᠡᠨ ᠬᠠᠳᠠᠭᠠᠯᠠᠵᠤ ᠪᠣᠷᠣᠯᠠᠭᠤᠯᠵᠤ ᠪᠤᠯᠬᠤ ᠦᠭᠡᠢ᠃ ᠠᠮᠢᠳᠤᠷᠠᠯ ᠳᠤᠮᠳᠠ ᠵᠠᠷᠢᠮ ᠬᠥᠮᠥᠨ ᠰᠢᠩᠭᠡᠵᠢᠯ | ᠬᠡᠢ ᠶᠢ ᠳᠤᠷ᠎ᠠ ᠪᠠᠷ ᠢᠶᠠᠨ ᠲᠡᠭᠡᠭᠡᠪᠦᠷᠢᠯᠡᠨ ᠬᠠᠳᠠᠭᠠᠯᠠᠵᠤ ᠪᠣᠷᠣᠯᠠᠭᠤᠯᠵᠤ ᠪᠠᠶᠢᠬᠤ ᠶᠢ ᠣᠯᠵᠤ ᠮᠡᠳᠡᠪᠡᠯ᠂ ᠴᠠᠭ | ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠡᠷᠡᠭ ᠮᠡᠳᠡᠭᠦᠯᠵᠦ᠂ ᠰᠠᠨᠠᠭᠠᠨ ᠳᠤ ᠦᠭᠡᠢ ᠬᠡᠷᠡᠭ | ᠭᠠᠷᠬᠤ ᠠᠴᠠ ᠰᠡᠷᠭᠡᠶᠢᠯᠡᠬᠦ ᠬᠡᠷᠡᠭᠲᠡᠢ᠃ |