2025 ᠣᠨ ᠤ 4 ᠰᠠᠷ᠎ᠠ ᠶᠢᠨ 15 ᠤ ᠡᠳᠦᠷ᠂ ᠠᠷᠪᠠᠳᠤᠭᠠᠷ ᠪᠦᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠱᠧᠩ ᠲᠠᠩ ᠯᠦ ᠨᠡᠶᠢᠭᠡᠮ ᠲᠣᠭᠤᠷᠢᠭ | ᠬᠠᠷᠢᠶ᠎ᠠ ᠣᠷᠣᠨ ᠳᠤ ᠪᠠᠨ ᠠᠮᠤᠷ ᠲᠦᠪᠰᠢᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠤᠯᠤᠰ ᠤᠨ ᠠᠮᠤᠷ ᠲᠦᠪᠰᠢᠨ᠂ ᠮᠡᠬᠡᠯᠡᠯ ᠢ ᠡᠰᠡᠷᠭᠦᠴᠡᠬᠦ᠂ ᠭᠠᠵᠢᠭᠤ ᠨᠣᠮᠯᠠᠯ ᠢ | ᠡᠰᠡᠷᠭᠦᠴᠡᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠨᠠᠰᠤᠨ ᠳᠤ ᠦᠯᠦ ᠬᠦᠷᠦᠭᠰᠡᠳ ᠢ | ᠬᠠᠮᠠᠭᠠᠯᠠᠬᠤ᠂ ᠬᠤᠣᠷ ᠴᠠᠭᠠᠵᠠᠯᠠᠬᠤ ᠬᠥᠮᠦᠵᠢᠯ ᠵᠡᠷᠭᠡ ᠭᠤᠣᠯ ᠰᠡᠳᠦᠪ ᠢ ᠤᠯᠠᠨ ᠲᠦᠮᠡᠨ ᠤ ᠠᠮᠢᠳᠤᠷᠠᠯ ᠳᠤ | ᠠᠭᠤᠰᠤᠯᠴᠠᠭᠤᠯᠵᠤ᠂ ᠪᠦᠬᠦ ᠠᠷᠠᠳ ᠢᠶᠠᠷ ᠢᠶᠠᠨ ᠣᠷᠣᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠠᠮᠤᠷ | ᠲᠦᠪᠰᠢᠨ ᠤ ᠠᠭᠤᠷ ᠠᠮᠢᠰᠬᠤᠯ ᠢ ᠪᠤᠢ ᠪᠣᠯᠭᠠᠪᠠ᠃ | ᠤᠬᠠᠭᠤᠯᠭ᠎ᠠ ᠶᠢᠨ ᠵᠠᠷᠯᠠᠯ ᠨᠠᠭᠠᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠲᠤᠬᠠᠶ ᠶᠢᠨ | ᠲᠠᠯᠠᠪᠤᠷ ᠲᠤ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ︽ᠤᠯᠤᠰ ᠤᠨ | ᠠᠮᠤᠷ ᠲᠦᠪᠰᠢᠨ ᠤ ᠬᠠᠤᠯᠢ︾᠂ ︽ᠲᠠᠩᠨᠠᠭᠤᠯ ᠢ ᠡᠰᠡᠷᠭᠦᠴᠡᠬᠦ ᠬᠠᠤᠯᠢ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠢ ᠲᠦᠭᠡᠮᠡᠯᠵᠢᠭᠦᠯᠵᠦ᠂ ᠰᠠᠭᠤᠭᠠᠯᠢ ᠠᠷᠠᠳ ᠢ ᠳᠡᠷᠭᠡᠳᠡᠬᠢ ᠵᠢᠵᠢᠭ ᠶᠠᠪᠤᠳᠠᠯ ᠠᠴᠠ ᠡᠬᠢᠯᠡᠨ ᠬᠢᠵᠦ᠂ | ᠤᠯᠤᠰ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ ᠶᠢ ᠰᠡᠷᠡᠮᠵᠢᠯᠡᠭᠦᠯᠵᠦ᠂ | ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠲᠤ ᠪᠠᠬᠢ ᠪᠣᠯᠭᠠᠬᠤ ᠶᠢ | ᠤᠷᠢᠶᠠᠯᠠᠪᠠ᠃ | |