2025 ᠣᠨ ᠤ ᠨᠢᠭᠡᠳᠦᠭᠡᠷ ᠤᠯᠠᠷᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ | ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠵᠠᠯᠠᠭᠤ ᠴᠢᠳᠠᠪᠤᠷᠢᠲᠠᠨ ᠤ | ᠲᠥᠷᠥ ᠶᠢᠨ ᠪᠣᠳᠣᠯᠭ᠎ᠠ᠂ ᠴᠢᠳᠠᠪᠤᠷᠢᠲᠠᠨ ᠤ ᠠᠵᠢᠯ ᠤᠨ ᠪᠠᠶᠢᠷᠢ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ᠂ | ᠴᠢᠳᠠᠪᠤᠷᠢᠲᠠᠨ ᠤ ᠡᠬᠢ ᠪᠠᠶᠠᠯᠢᠭ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠵᠡᠷᠭᠡ 5 ᠵᠦᠢᠯ ᠤᠨ | ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ᠂ ᠣᠶᠢᠷ᠎ᠠ ᠶᠢᠨ ᠬᠤᠭᠤᠴᠠᠭᠠᠨ ᠳᠤ 64 ᠠᠵᠤ | ᠠᠬᠤᠶᠢᠯᠠᠯ᠂ 510 ᠬᠥᠮᠦᠨ ᠳᠤ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠱᠠᠩᠨᠠᠯ ᠤᠨ ᠮᠥᠩᠭᠦ 311.22 | ᠲᠦᠮᠡᠨ ᠲᠥᠭᠦᠷᠢᠭ ᠲᠠᠷᠬᠠᠭᠠᠪᠠ᠃ | ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠴᠢᠳᠠᠪᠤᠷᠢᠲᠠᠨ ᠤ ᠦᠢᠯᠡᠴᠢᠯᠡᠭᠡᠨ ᠤ ᠶᠠᠰᠤ | ᠴᠢᠨᠠᠷ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠳᠠᠭᠠᠷᠢᠯᠲᠠ ᠬᠢᠵᠦ᠂ | ᠲᠤᠰᠬᠠᠶ ᠲᠤᠰᠢᠶᠠᠯᠲᠠᠨ ᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ | ᠵᠠᠯᠠᠭᠤ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠠᠵᠤ | ᠠᠬᠤᠶᠢᠯᠠᠯ ᠤᠨ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ᠂ ᠠᠬᠠᠯᠠᠭᠴᠢ ᠳ᠋ᠣᠺᠲ᠋ᠣᠷ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯ ᠤᠨ ᠥᠷᠲᠡᠭᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠰᠢᠯᠭᠠᠨ ᠬᠢᠨᠠᠬᠤ᠂ | ᠠᠵᠤ ᠠᠬᠤᠶᠢᠯᠠᠯ ᠤᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠠᠵᠤ ᠠᠬᠤᠶᠢᠯᠠᠯ ᠳᠤ ᠣᠷᠣᠭᠤᠯᠬᠤ | ᠵᠢᠯᠣᠭᠤᠳᠣᠯᠭ᠎ᠠ ᠥᠷᠨᠢᠭᠦᠯᠪᠡ︔ ᠣᠶᠢᠷ᠎ᠠ ᠶᠢᠨ ᠭᠤᠷᠪᠠᠨ ᠵᠢᠯ ᠳᠤ᠂ ᠣᠷᠣᠨ ᠤ ᠳᠣᠲᠣᠷᠠᠬᠢ ᠠᠵᠤ ᠠᠬᠤᠶᠢᠯᠠᠯ ᠤᠨ | ᠡᠯ᠎ᠡ ᠲᠥᠷᠥᠯ ᠤᠨ ᠴᠢᠳᠠᠪᠤᠷᠢᠲᠠᠨ ᠳᠤ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ᠂ ᠴᠡᠴᠡᠷᠯᠢᠭ ᠲᠤ | ᠣᠷᠣᠬᠤ ᠶᠢ 110 ᠬᠥᠮᠦᠨ ᠤᠳᠠᠭ᠎ᠠ ᠰᠢᠢᠳᠪᠦᠷᠢᠯᠡᠪᠡ︔ ᠰᠢᠨᠵᠢᠯᠡᠬᠦ ᠤᠬᠠᠭᠠᠨ ᠮᠡᠷᠭᠡᠵᠢᠯ ᠤᠨ 22 ᠠᠵᠤ | ᠠᠬᠤᠶᠢᠯᠠᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ ᠬᠢᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠦᠢᠯᠡᠴᠢᠯᠡᠭᠡ ᠶᠢ 20 ᠤᠳᠠᠭ᠎ᠠ ᠠᠬᠢᠭᠤᠯᠪᠠ︔ ︽2025 | ᠣᠨ ᠳᠤ ᠥᠨᠳᠥᠷ ᠠᠵᠤ ᠠᠬᠤᠶᠢᠯᠠᠯ ᠢ ᠮᠠᠭᠠᠳᠯᠠᠨ ᠲᠣᠭᠲᠠᠭᠠᠭᠰᠠᠨ ᠪᠣᠳᠠᠲᠤ ᠶᠠᠪᠤᠳᠠᠯ︾ ᠵᠡᠷᠭᠡ ᠲᠥᠷᠥ ᠶᠢᠨ | ᠪᠣᠳᠣᠯᠭ᠎ᠠ ᠶᠢᠨ ᠪᠣᠯᠪᠠᠰᠤᠷᠠᠭᠤᠯᠤᠯ ᠢ 7 ᠤᠳᠠᠭ᠎ᠠ ᠥᠷᠨᠢᠭᠦᠯᠵᠦ᠂ ᠨᠡᠶᠢᠲᠡ 270 ᠠᠵᠤ ᠠᠬᠤᠶᠢᠯᠠᠯ᠂ 333 | ᠬᠥᠮᠦᠨ ᠪᠣᠯᠪᠠᠰᠤᠷᠠᠭᠤᠯᠤᠯ ᠳᠤ ᠣᠷᠣᠯᠴᠠᠪᠠ᠃ | ᠣᠶᠢᠷ᠎ᠠ ᠶᠢᠨ ᠵᠢᠯ ᠤᠳ ᠲᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠵᠢᠯ ᠪᠦᠷᠢ | 1000 ᠲᠦᠮᠡᠨ ᠲᠤᠰᠬᠠᠶ ᠪᠠᠯᠠ ᠮᠥᠩᠭᠦ ᠳᠣᠭᠢᠷᠠᠭᠤᠯᠤᠨ ᠴᠢᠳᠠᠪᠤᠷᠢᠲᠠᠨ ᠤ ᠠᠵᠢᠯ ᠢ ᠪᠠᠲᠤᠯᠠᠵᠤ᠂ ︽ᠵᠢᠩᠬᠢᠨᠢ | ᠠᠯᠲᠠ ᠮᠥᠩᠭᠦ︾ ᠪᠠ ︽ᠦᠨᠡᠨ ᠰᠡᠳᠬᠢᠯᠭᠡ︾ ᠪᠠᠷ ᠴᠢᠳᠠᠪᠤᠷᠢᠲᠠᠨ ᠤ ᠬᠠᠷᠢᠶᠠᠯᠠᠭᠳᠠᠬᠤ ᠰᠡᠳᠬᠢᠯᠭᠡ᠂ | ᠬᠦᠷᠲᠡᠮᠵᠢ ᠶᠢᠨ ᠰᠡᠳᠬᠢᠯᠭᠡ᠂ ᠵᠣᠯ ᠵᠢᠷᠭᠠᠯ ᠤᠨ ᠲᠥᠷᠥᠭᠳᠡᠯ ᠢ ᠨᠡᠮᠡᠭᠳᠡᠭᠦᠯᠪᠡ᠃ ᠬᠤᠪᠣᠷ ᠰᠢᠷᠣᠶ ᠶᠢᠨ ᠳᠡᠭᠡᠳᠦ | ᠰᠢᠨ᠎ᠡ ᠮᠡᠷᠭᠡᠵᠢᠯ ᠤᠨ ᠣᠷᠣᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠠᠰᠤ ᠴᠢᠨᠠᠷ ᠦᠷ᠎ᠡ ᠪᠦᠲᠦᠮᠵᠢ ᠶᠢ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠮᠥᠷᠳᠡᠬᠦ | ᠲᠣᠭᠲᠠᠴᠠ ᠶᠢ ᠪᠠᠶᠢᠭᠤᠯᠤᠨ᠂ ᠬᠠᠷᠢᠶ᠎ᠠ ᠣᠷᠣᠨ ᠤ ᠠᠵᠤ ᠠᠬᠤᠶᠢᠯᠠᠯ ᠢ ᠰᠤᠷᠪᠤᠯᠵᠢᠯᠠᠨ ᠪᠠᠶᠢᠴᠠᠭᠠᠨ ᠰᠤᠳᠤᠯᠬᠤ ᠪᠠᠨ | ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠦᠨᠡᠯᠡᠨ ᠵᠢᠱᠢᠵᠦ ᠬᠠᠷᠢᠭᠤ ᠲᠤᠰᠬᠠᠵᠤ᠂ ᠠᠰᠠᠭᠤᠳᠠᠯ ᠢ ᠴᠠᠭ ᠲᠤᠬᠠᠶ ᠳᠤᠨᠢ | ᠢᠯᠡᠷᠡᠭᠦᠯᠬᠦ ᠶᠢᠨ ᠬᠠᠮᠲᠤ ᠰᠢᠢᠳᠪᠦᠷᠢᠯᠡᠵᠦ᠂ ᠴᠢᠳᠠᠪᠤᠷᠢᠲᠠᠨ ᠤ ᠳᠠᠪᠠᠭᠤᠯᠢᠭ ᠢ ᠤᠯᠠᠮ ᠨᠢᠭᠡ ᠠᠯᠬᠤᠮ ᠠᠵᠤ | ᠦᠢᠯᠡᠰ ᠤᠨ ᠳᠠᠪᠠᠭᠤᠯᠢᠭ ᠪᠠ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ |