ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ ᠪᠣᠯ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠡᠵᠡᠮᠳᠡᠬᠦ ᠪᠦᠲᠦᠮᠵᠢᠲᠡᠶ ᠠᠷᠭ᠎ᠠ ᠬᠡᠮᠵᠢᠶ᠎ᠡ ᠮᠥᠨ᠃ | ᠬᠡᠷᠬᠢᠨ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠵᠦ ᠠᠮᠢᠰᠬᠤᠯ ᠤᠨ ᠵᠠᠮ ᠤᠨ ᠬᠠᠯᠳᠠᠪᠤᠷᠢᠲᠤ | ᠡᠪᠡᠳᠴᠢᠨ ᠢ ᠰᠡᠷᠭᠡᠶᠢᠯᠡᠬᠦ ᠪᠤᠶ︖ | ᠲᠦᠷᠦᠭᠦᠬᠡᠨ᠂ ᠤᠯᠤᠰ ᠤᠨ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ︽ᠠᠮᠢᠰᠬᠤᠯ ᠤᠨ | ᠵᠠᠮ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠣᠯᠠᠨ ᠨᠡᠶᠢᠲᠡ ᠶᠢᠨ ᠠᠮᠠᠪᠴᠢ ᠵᠡᠭᠦᠬᠦ ᠵᠢᠯᠣᠭᠤᠳᠤᠮᠵᠢ ︵ | 2023 ᠣᠨ ᠤ ᠬᠡᠪᠯᠡᠯ︶︾ ᠶᠢ ᠳᠠᠷᠤᠮᠠᠯᠯᠠᠨ ᠲᠠᠷᠬᠠᠭᠠᠵᠤ᠂ ᠠᠷᠠᠳ ᠤᠯᠠᠨ ᠤ ᠠᠮᠠᠪᠴᠢ ᠵᠡᠭᠦᠬᠦ ᠶᠢ ᠰᠢᠨᠵᠢᠯᠡᠬᠦ | ᠤᠬᠠᠭᠠᠨᠴᠢ ᠪᠠᠷ ᠵᠢᠷᠤᠮᠵᠢᠭᠤᠯᠤᠨ᠂ ᠣᠯᠠᠨ ᠵᠦᠢᠯ ᠤᠨ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠤ | ᠲᠠᠷᠬᠠᠬᠤ ᠶᠢ ᠰᠡᠷᠭᠡᠶᠢᠯᠡᠨ ᠬᠢᠵᠠᠭᠠᠷᠯᠠᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠶᠢ ᠪᠦᠲᠦᠮᠵᠢᠲᠡᠶ ᠬᠠᠮᠠᠭᠠᠯᠠᠬᠤ ᠶᠢ | ᠵᠢᠭᠠᠨ ᠵᠢᠯᠣᠭᠤᠳᠪᠠ᠃ | ᠡᠪᠦᠯ ᠪᠣᠯᠪᠠᠯ ᠡᠯ᠎ᠡ ᠵᠦᠢᠯ ᠤᠨ ᠠᠮᠢᠰᠬᠤᠯ ᠤᠨ ᠵᠠᠮ ᠤᠨ ᠡᠪᠡᠳᠴᠢᠨ ᠣᠯᠠᠨ ᠡᠭᠦᠰᠳᠡᠭ᠃ ᠵᠢᠭᠠᠯᠲᠠ ᠶᠢ | ᠦᠨᠳᠦᠰᠦᠯᠡᠪᠡᠯ᠂ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠤ ᠪᠠᠶᠢᠩᠭᠤ ᠲᠣᠬᠢᠶᠠᠯᠳᠤᠳᠠᠭ ᠡᠪᠡᠳᠴᠢᠨ ᠤ | ᠤᠤᠯ ᠤᠨ ᠰᠢᠨ᠎ᠡ ᠲᠢᠲᠢᠮᠯᠢᠭ ᠸᠢᠷᠦ᠋ᠰ᠂ ᠲᠠᠬᠤᠯ ᠲᠠᠭᠰᠢᠭᠤᠷ ᠤᠨ ᠸᠢᠷᠦ᠋ᠰ᠂ ᠠᠭᠤᠰᠬᠢᠨ ᠤ ᠦᠷᠪᠢᠰᠦᠯ ᠤᠨ | ᠰᠠᠯᠠᠭᠠᠲᠤ ᠠᠩᠬᠠᠨ ᠤ ᠪᠡᠶ᠎ᠡ᠂ ᠠᠮᠢᠰᠬᠤᠯ ᠤᠨ ᠵᠠᠮ ᠤᠨ ᠨᠡᠶᠢᠯᠡᠮᠡᠯ ᠡᠰᠲᠦ ᠸᠢᠷᠦ᠋ᠰ ᠵᠡᠷᠭᠡ ᠨᠢ ᠭᠤᠣᠯᠳᠠᠭᠤ | ᠠᠮᠢᠰᠬᠤᠯ ᠤᠨ ᠵᠠᠮ ᠤᠨ ᠦᠰᠦᠷᠳᠡᠰᠦ᠂ ᠡᠪᠡᠳᠴᠢᠨ ᠡᠭᠦᠰᠬᠡᠭᠴᠢ ᠲᠠᠢ ᠬᠡᠢ ᠴᠠᠪᠠᠤᠯᠢᠭ ᠠᠭᠤᠰᠤᠮᠠᠯ ᠢ ᠰᠣᠷᠣᠵᠤ | ᠣᠷᠣᠭᠤᠯᠬᠤ ᠪᠤᠶᠤ ᠨᠢᠭᠲᠠ ᠬᠦᠷᠦᠯᠴᠡᠬᠦ ᠵᠡᠷᠭᠡ ᠠᠷᠭ᠎ᠠ ᠵᠠᠮ ᠢᠶᠠᠷ ᠲᠠᠷᠬᠠᠳᠠᠭ᠃ | ᠶᠠᠮᠠᠷ ᠦᠶ᠎ᠡ ᠳᠤ ᠠᠮᠠᠪᠴᠢ ᠵᠡᠭᠦᠬᠦ ᠬᠡᠷᠡᠭᠲᠡᠢ ᠪᠤᠶ︖ | ᠶᠠᠮᠠᠷ ᠦᠶᠡᠰ ᠠᠮᠠᠪᠴᠢ ᠵᠡᠭᠦᠪᠡᠯ ᠵᠣᠬᠢᠬᠤ ᠲᠤᠬᠠᠢ ᠵᠢᠯᠣᠭᠤᠳᠤᠮᠵᠢ ᠳᠤ ᠲᠣᠳᠣᠷᠬᠠᠢ ᠳᠤᠷᠠᠳᠤᠨ ᠭᠠᠷᠭᠠᠵᠠᠢ᠃ | ᠡᠭᠦᠨ ᠳᠤ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠤ ᠬᠠᠯᠳᠠᠪᠤᠷᠢᠯᠠᠬᠤ ᠲᠦᠭᠰᠢᠭᠦᠷᠢ ᠲᠠᠢ ᠪᠠᠶᠢᠳᠠᠯ | ᠪᠠᠭᠲᠠᠨ᠎ᠠ᠂ ᠵᠢᠱᠢᠶᠡᠯᠡᠪᠡᠯ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ᠂ ᠲᠠᠭᠰᠢᠭᠤᠷ᠂ ᠠᠭᠤᠰᠬᠢᠨ | ᠦᠷᠪᠢᠰᠦᠯ ᠤᠨ ᠰᠠᠯᠠᠭᠠᠲᠤ ᠠᠩᠬᠠᠨ ᠤ ᠪᠡᠶ᠎ᠡ ᠶᠢᠨ ᠬᠠᠯᠳᠠᠪᠤᠷᠢᠯᠠᠯ ᠵᠡᠷᠭᠡ ᠠᠮᠢᠰᠬᠤᠯ ᠤᠨ ᠵᠠᠮ ᠤᠨ ᠬᠠᠯᠳᠠᠪᠤᠷᠢᠲᠤ | ᠡᠪᠡᠳᠴᠢᠨ ᠳᠤ ᠬᠠᠯᠳᠠᠪᠤᠷᠢᠯᠠᠭᠰᠠᠳ ᠪᠤᠶᠤ ᠬᠠᠮᠢᠶ᠎ᠠ ᠪᠦᠬᠦᠢ ᠡᠪᠡᠳᠴᠢᠨ ᠤ ᠢᠯᠡᠷᠡᠯ ᠲᠠᠢ ᠬᠥᠮᠥᠰ ᠭᠡᠷ ᠳᠣᠲᠣᠷᠠᠬᠢ | ᠣᠯᠠᠨ ᠨᠡᠶᠢᠲᠡ ᠶᠢᠨ ᠲᠠᠯᠠᠪᠤᠷ ᠲᠤ ᠣᠴᠢᠬᠤ ᠪᠤᠶᠤ ᠪᠤᠰᠤᠳ ᠬᠥᠮᠥᠰ ᠲᠠᠢ ᠣᠶᠢᠷ᠎ᠠ ᠵᠠᠢ ᠠᠴᠠ ᠬᠦᠷᠦᠯᠴᠡᠬᠦ ︵ | ᠵᠠᠢ ᠨᠢ 1 ᠮᠧᠳ᠋ᠷ ᠠᠴᠠ ᠪᠠᠭ᠎ᠠ︶ ᠦᠶ᠎ᠡ ᠳᠤ ᠠᠮᠠᠪᠴᠢ ᠵᠡᠭᠦᠬᠦ ᠭᠡᠷᠡᠭᠲᠡᠢ᠃ | ᠬᠠᠯᠳᠠᠪᠤᠷᠢᠯᠠᠯ ᠤᠨ ᠲᠦᠭᠰᠢᠭᠦᠷᠢ ᠪᠠᠷ ᠨᠡᠯᠢᠶᠡᠳ ᠥᠨᠳᠥᠷ ᠪᠠᠶᠢᠳᠠᠯ ᠪᠤᠶᠤ ᠪᠣᠯᠣᠮᠵᠢ ᠲᠠᠢ ᠦᠶᠡᠰ᠂ | ᠵᠢᠱᠢᠶᠡᠯᠡᠪᠡᠯ ᠡᠮᠴᠢᠯᠡᠭᠡᠨ ᠤ ᠪᠠᠶᠢᠭᠤᠯᠤᠮᠵᠢ ᠳᠤ ᠣᠴᠢᠵᠤ ᠡᠮᠨᠡᠭᠦᠯᠭᠦ᠂ ᠪᠠᠷ᠎ᠠ ᠪᠣᠯᠵᠤ ᠡᠮᠨᠡᠭᠦᠯᠭᠦ ᠦᠶ᠎ᠡ ᠳᠤ᠃ | ᠭᠠᠳᠠᠨ᠎ᠠ ᠠᠴᠠ ᠢᠷᠡᠭᠰᠡᠨ ᠬᠥᠮᠥᠰ ᠤᠨ ᠬᠢᠵᠢᠭ ᠤᠨ ᠪᠠᠶᠢᠳᠠᠯ ᠢ ᠭᠤᠣᠯᠳᠠᠯᠭ᠎ᠠ ᠲᠠᠢ ᠪᠠᠶᠢᠭᠤᠯᠤᠮᠵᠢ ᠳᠤ | ᠣᠷᠣᠭᠤᠯᠬᠤ ᠶᠢ ᠰᠡᠷᠭᠡᠶᠢᠯᠡᠬᠦ ᠦᠶᠡᠰ᠂ ᠵᠢᠱᠢᠶᠡᠯᠡᠪᠡᠯ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠣᠯᠠᠨ | ᠡᠭᠦᠰᠬᠦ ᠬᠤᠭᠤᠴᠠᠭᠠᠨ ᠳᠤ᠂ ᠭᠠᠳᠠᠨ᠎ᠠ ᠠᠴᠠ ᠢᠷᠡᠭᠰᠡᠨ ᠬᠥᠮᠥᠰ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ | ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠵᠡᠷᠭᠡ ᠭᠠᠵᠠᠷ ᠢᠶᠠᠷ ᠬᠦᠷᠬᠦ | ᠦᠶᠡᠰ ᠠᠮᠠᠪᠴᠢ ᠵᠡᠭᠦᠪᠡᠯ ᠵᠤᠭᠢᠰᠳᠠᠢ᠃ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯᠲᠠᠨ ᠤ ᠬᠢᠵᠢᠭ ᠤᠨ | ᠪᠠᠶᠢᠳᠠᠯ ᠢ ᠭᠤᠣᠯᠳᠠᠯᠭ᠎ᠠ ᠲᠠᠢ ᠪᠠᠶᠢᠭᠤᠯᠤᠮᠵᠢ ᠳᠤ ᠣᠷᠣᠭᠤᠯᠬᠤ ᠶᠢ ᠰᠡᠷᠭᠡᠶᠢᠯᠡᠬᠦ ᠪᠠᠶᠢᠳᠠᠯ ᠳᠤ᠂ ᠠᠮᠢᠰᠬᠤᠯ ᠤᠨ | ᠵᠠᠮ ᠤᠨ ᠬᠠᠯᠳᠠᠪᠤᠷᠢᠲᠤ ᠡᠪᠡᠳᠴᠢᠨ ᠣᠯᠠᠨ ᠡᠭᠦᠰᠬᠦ ᠬᠤᠭᠤᠴᠠᠭᠠᠨ ᠳᠤ᠂ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠵᠢᠴᠢ ᠬᠡᠦᠬᠡᠳ ᠰᠠᠭᠠᠲᠠᠭᠤᠯᠬᠤ ᠪᠠᠶᠢᠭᠤᠯᠤᠮᠵᠢ᠂ ᠰᠤᠷᠭᠠᠭᠤᠯᠢ ᠵᠡᠷᠭᠡ ᠭᠤᠣᠯᠳᠠᠯᠭ᠎ᠠ ᠲᠠᠢ | ᠪᠠᠶᠢᠭᠤᠯᠤᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯᠲᠠᠨ ᠠᠵᠢᠯᠯᠠᠵᠤ ᠪᠠᠶᠢᠭ᠎ᠠ ᠬᠤᠭᠤᠴᠠᠭᠠᠨ ᠳᠠᠭᠠᠨ | ᠠᠮᠠᠪᠴᠢ ᠵᠡᠭᠦᠵᠦ᠂ ᠭᠤᠣᠯᠳᠠᠯᠭ᠎ᠠ ᠲᠠᠢ ᠬᠥᠮᠥᠰ ᠤᠨ ᠬᠠᠯᠳᠠᠪᠤᠷᠢᠯᠠᠭᠳᠠᠬᠤ ᠠᠴᠠ ᠰᠡᠷᠭᠡᠶᠢᠯᠡᠨ᠎ᠡ᠃ | ᠶᠠᠮᠠᠷ ᠦᠶᠡᠰ ᠠᠮᠠᠪᠴᠢ ᠵᠡᠭᠦᠬᠦ ᠦᠭᠡᠢ ᠪᠠᠶᠢᠬᠤ ᠶᠢ ᠰᠠᠨᠠᠭᠤᠯᠬᠤ ᠪᠤᠶ︖ | ᠳᠣᠣᠷᠠᠬᠢ ᠮᠡᠲᠦ ᠭᠤᠷᠪᠠᠨ ᠵᠦᠢᠯ ᠤᠨ ᠪᠠᠶᠢᠳᠠᠯ ᠳᠤ ᠠᠮᠠᠪᠴᠢ ᠵᠡᠭᠦᠬᠦ ᠦᠭᠡᠢ ᠪᠠᠶᠢᠪᠠᠯ ᠵᠣᠬᠢᠨ᠎ᠠ᠃ | ᠡᠭᠦᠨ ᠳᠤ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠬᠦ ᠦᠶ᠎ᠡ ᠶᠢ ᠪᠠᠭᠲᠠᠭᠠᠨ᠎ᠠ᠃ ᠬᠠᠯᠳᠠᠪᠤᠷᠢᠯᠠᠯ ᠤᠨ ᠠᠶᠤᠯ | ᠲᠦᠭᠰᠢᠭᠦᠷᠢ ᠨᠡᠯᠢᠶᠡᠳ ᠳᠣᠣᠷ᠎ᠠ ᠪᠠᠶᠢᠳᠠᠯ ᠳᠤ ᠣᠷᠣᠰᠢᠵᠤ ᠪᠠᠶᠢᠬᠤ ᠦᠶ᠎ᠡ ᠳᠤ᠂ ᠵᠢᠱᠢᠶᠡᠯᠡᠪᠡᠯ ᠵᠠᠳᠠᠭᠠᠢ ᠲᠠᠯᠠᠪᠠᠢ᠂ | ᠴᠡᠴᠡᠷᠯᠢᠭ ᠵᠡᠷᠭᠡ ᠭᠡᠷ ᠤᠨ ᠭᠠᠳᠠᠨᠠᠬᠢ ᠲᠠᠯᠠᠪᠤᠷ ᠲᠤ ᠪᠠᠶᠢᠬᠤ᠃ ᠠᠮᠠᠪᠴᠢ ᠵᠡᠭᠦᠬᠦ ᠳᠤ ᠲᠣᠬᠢᠷᠠᠬᠤ ᠦᠭᠡᠢ ᠬᠡᠰᠡᠭ | ᠬᠥᠮᠥᠰ᠂ ᠵᠢᠱᠢᠶᠡᠯᠡᠪᠡᠯ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ᠃ | ᠲᠣᠬᠢᠷᠠᠮᠵᠢᠲᠠᠢ ᠠᠮᠠᠪᠴᠢ ᠶᠢ ᠬᠡᠷᠬᠢᠨ ᠰᠣᠩᠭᠤᠬᠤ ᠪᠤᠶ︖ | ᠵᠢᠯᠣᠭᠤᠳᠤᠮᠵᠢ ᠳᠤ ᠲᠣᠳᠣᠷᠬᠠᠢ ᠲᠣᠭᠲᠠᠭᠠᠭᠰᠠᠨ ᠨᠢ᠂ ᠠᠮᠢᠰᠬᠤᠯ ᠤᠨ ᠵᠠᠮ ᠤᠨ ᠬᠠᠯᠳᠠᠪᠤᠷᠢᠲᠤ | ᠡᠪᠡᠳᠴᠢᠲᠡᠨ ᠪᠤᠶᠤ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠤ ᠢᠯᠡᠷᠡᠯ ᠲᠠᠢ ᠬᠥᠮᠥᠰ ᠲᠤ N95 | ᠪᠤᠶᠤ KN95 ᠵᠡᠷᠭᠡ ᠮᠥᠬᠦᠯᠢᠭᠲᠦ ᠪᠣᠳᠠᠰ ᠤᠨ ᠬᠠᠮᠠᠭᠠᠯᠠᠯᠲᠠ ᠶᠢᠨ ᠠᠮᠠᠪᠴᠢ ︵ᠠᠮᠢᠰᠬᠤᠯ ᠤᠨ ᠨᠡᠭᠡᠯᠡᠭᠡᠢ ᠦᠭᠡᠢ︶ | ᠪᠤᠶᠤ ᠡᠮᠴᠢᠯᠡᠭᠡᠨ ᠳᠤ ᠬᠡᠷᠡᠭᠯᠡᠬᠦ ᠬᠠᠮᠠᠭᠠᠯᠠᠯᠲᠠ ᠶᠢᠨ ᠠᠮᠠᠪᠴᠢ ᠵᠡᠭᠦᠯᠭᠡᠬᠦ ᠶᠢ ᠰᠠᠨᠠᠭᠤᠯᠵᠤ᠂ ᠪᠤᠰᠤᠳ ᠬᠥᠮᠥᠰ ᠲᠤ | ᠡᠮᠴᠢᠯᠡᠭᠡᠨ ᠳᠤ ᠬᠡᠷᠡᠭᠯᠡᠬᠦ ᠠᠮᠠᠪᠴᠢ ᠪᠤᠶᠤ ᠡᠮᠴᠢᠯᠡᠭᠡᠨ ᠳᠤ ᠬᠡᠷᠡᠭᠯᠡᠬᠦ ᠭᠠᠳᠠᠷ ᠰᠠᠯᠠᠭᠠᠨ ᠤ ᠠᠮᠠᠪᠴᠢ ᠵᠡᠭᠦᠯᠭᠡᠬᠦ ᠶᠢ | ᠰᠠᠨᠠᠭᠤᠯᠵᠤ ᠪᠠᠶᠢᠨ᠎ᠠ᠃ ᠬᠡᠦᠬᠡᠳ ᠲᠤ ᠡᠷᠡᠭᠦᠯ ᠬᠠᠮᠠᠭᠠᠯᠠᠯ ᠤᠨ ᠬᠠᠮᠠᠭᠠᠯᠠᠯᠲᠠ ᠶᠢᠨ ᠠᠮᠠᠪᠴᠢ ᠶᠢ ᠰᠣᠩᠭᠤᠨ | ᠬᠡᠷᠡᠭᠯᠡᠬᠦ ᠶᠢ ᠰᠠᠨᠠᠭᠤᠯᠵᠤ ᠪᠠᠶᠢᠨ᠎ᠠ᠃ |