ᠪᠤᠭᠤᠲᠤ ᠶᠢᠨ ᠡᠮᠨᠡᠯᠭᠡ ᠶᠢᠨ  ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ  ᠤᠯᠠᠨᠪᠤᠯᠠᠭ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/21
    ᠣᠶᠢᠷ᠎ᠠ ᠳᠤ᠂  ᠤᠷᠤᠨ ᠤ ᠨᠡᠶᠢᠭᠡᠮ ᠤᠨ ᠬᠡᠷᠡᠭ ᠶᠠᠪᠤᠳᠠᠯ ᠤᠨ ᠲᠣᠪᠴᠢᠶ᠎ᠠ ᠪᠤᠭᠤᠲᠤ ᠶᠢᠨ ᠡᠮᠨᠡᠯᠭᠡ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶ᠎ᠠ ᠲᠠᠢ ᠬᠤᠯᠪᠣᠭᠠᠯᠠᠨ ᠮᠣᠩᠭᠤᠯ ᠡᠮᠨᠡᠯᠭᠡ ᠶᠢᠨ ᠰᠠᠯᠠᠭ᠎ᠠ᠂ ᠬᠢᠲᠠᠳ ᠡᠮᠨᠡᠯᠭᠡ ᠶᠢᠨ ᠰᠠᠯᠠᠭ᠎ᠠ᠂ ᠮᠡᠳᠡᠷᠡᠯ ᠤᠨ ᠳᠣᠲᠣᠷ ᠰᠠᠯᠠᠭ᠎ᠠ᠂ ᠳᠣᠲᠣᠭᠠᠳᠤ ᠰᠢᠭᠦᠷᠡᠯ ᠤᠨ ᠰᠠᠯᠠᠭ᠎ᠠ᠂ ᠡᠮ ᠨᠠᠶᠢᠷᠠᠯᠭ᠎ᠠ ᠶᠢᠨ ᠰᠠᠯᠠᠭ᠎ᠠ᠂ ᠬᠥᠩᠭᠡᠵᠢᠭᠦᠯᠬᠦ ᠰᠠᠯᠠᠭᠠᠨ ᠤ ᠲᠤᠰᠬᠠᠶ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠵᠤ ᠤᠯᠠᠨᠪᠤᠯᠠᠭ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠥᠮᠦᠨ ᠬᠠᠷ᠎ᠠ ᠬᠤᠷᠠᠨ ᠴᠤᠭᠯᠠᠷᠠᠵᠤ᠂ ᠲᠤᠰᠬᠠᠢ ᠮᠡᠷᠭᠡᠵᠢᠯᠲᠡᠳ ᠤᠨ ᠣᠪᠣᠷ ᠦᠨᠡᠨᠴᠢ ᠪᠠᠶᠢᠵᠤ᠂ ᠨᠠᠷᠢᠨ ᠨᠢᠮᠪᠠᠢ ᠪᠠᠶᠢᠵᠤ᠂ ᠰᠠᠭᠤᠭᠠᠯᠢ ᠠᠷᠠᠳ ᠨᠢᠭᠡᠪᠦᠷᠢ ᠳᠤ ᠬᠠᠶᠢᠷ᠎ᠠ ᠬᠠᠯᠠᠮᠵᠢ ᠪᠠ ᠲᠤᠰᠬᠠᠢ ᠮᠡᠷᠭᠡᠵᠢᠯ ᠤᠨ ᠵᠢᠯᠤᠭᠤᠳᠤᠯᠭ᠎ᠠ  ᠤᠯᠭᠤᠭᠰᠠᠨ ᠪᠠᠶᠢᠨ᠎ᠠ᠃ ᠮᠣᠩᠭᠤᠯ ᠡᠮᠨᠡᠯᠭᠡ ᠶᠢᠨ ᠲᠤᠰᠬᠠᠶ ᠮᠡᠷᠭᠡᠵᠢᠯᠲᠡᠨ ᠤᠨᠴᠠᠯᠢᠬᠳᠤ ᠮᠣᠩᠭᠤᠯ ᠡᠮᠨᠡᠯᠭᠡ ᠶᠢᠨ ᠣᠨᠣᠰᠢᠯᠠᠨ ᠡᠮᠨᠡᠬᠦ ᠮᠡᠷᠭᠡᠵᠢᠯ ᠢ ᠬᠡᠷᠡᠭᠯᠡᠨ᠂ ᠦᠶ᠎ᠡ ᠭᠡᠰᠢᠭᠦᠤ ᠡᠪᠡᠳᠬᠦ ᠡᠪᠡᠳᠴᠢᠲᠡᠨ ᠳᠤ ᠢᠯᠢᠵᠦ ᠨᠤᠬᠤᠯᠠᠬᠤ᠂ ᠵᠡᠭᠦᠦ ᠲᠥᠭᠡᠨᠡᠯᠭᠡ ᠶᠢᠨ ᠦᠢᠯᠡᠴᠢᠯᠡᠭᠡ  ᠬᠠᠩᠭᠠᠪᠠ  ᠃ ᠬᠢᠲᠠᠳ ᠡᠮᠨᠡᠯᠭᠡ ᠶᠢᠨ ᠰᠠᠯᠠᠭᠠᠨ ᠤ ᠡᠮᠴᠢ ᠦᠵᠡᠵᠦ ᠰᠣᠨᠣᠰᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠲᠣᠬᠢᠷᠠᠭᠤᠯᠬᠤ ᠲᠥᠰᠦᠯ ᠢ ᠲᠣᠭᠲᠠᠭᠠᠵᠤ  ᠦᠭᠪᠡ᠃ ᠣᠯᠠᠨ ᠲᠠᠯ᠎ᠠ ᠶᠢᠨ  ᠲᠤᠰᠬᠠᠢ ᠮᠡᠷᠭᠡᠵᠢᠯᠲᠡᠨ ᠥᠪᠡᠷ ᠤᠨ  ᠤᠷ᠎ᠠ ᠮᠡᠷᠭᠡᠵᠢᠯ ᠢᠶᠠᠨ ᠪᠠᠳᠠᠷᠠᠭᠤᠯᠵᠤ ᠰᠠᠭᠤᠭᠠᠯᠢ ᠠᠷᠠᠳ ᠤᠨ ᠣᠯᠠᠨ  ᠡᠰᠢᠲᠦ  ᠡᠪᠡᠳᠴᠢᠨ ᠢ ᠡᠮᠨᠡᠬᠦ ᠬᠡᠷᠡᠭᠴᠡᠭᠡ ᠶᠢ  ᠬᠠᠩᠭᠠᠪᠠ᠃    ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠤᠭᠤᠲᠤ ᠶᠢᠨ ᠡᠮᠨᠡᠯᠭᠡ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶ᠎ᠠ ᠲᠠᠢ ᠢᠳᠡᠪᠬᠢᠲᠡᠶ ᠬᠠᠷᠢᠯᠴᠠᠵᠤ᠂ ᠡᠮᠴᠢᠯᠡᠭᠡᠨ ᠤ ᠬᠤᠯᠪᠣᠭᠠᠲᠤ ᠴᠣᠭᠴᠠ ᠶᠢ ᠪᠠᠶᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠢᠨᠠᠷ ᠰᠠᠶᠢᠲᠠᠶ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠪᠡᠶᠡᠯᠡᠭᠦᠯᠵᠦ᠂ ᠡᠮᠴᠢᠯᠡᠭᠡᠨ ᠤ ᠮᠡᠷᠭᠡᠵᠢᠯ᠂ ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ  ᠤᠯᠠᠨᠪᠤᠯᠠᠭ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠶᠢ ᠬᠠᠪᠰᠤᠷᠤᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠷᠡᠭᠦᠯ ᠮᠡᠨᠳᠦ ᠶᠢᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠵᠤ᠂ ᠪᠥᠬᠦ ᠬᠤᠲᠠ ᠶᠢᠨ ᠡᠮᠴᠢᠯᠡᠭᠡᠨ ᠤ ᠥᠨᠳᠦᠷᠯᠢᠭ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃
           
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号