ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 54 ᠠᠵᠤ ᠠᠬᠤᠶᠢᠯᠠᠯ ᠪᠤᠭᠤᠲᠤ ᠬᠤᠲᠠ ᠶᠢᠨ 2025 ᠣᠨ ᠤ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠵᠠᠷᠯᠠᠨ ᠨᠡᠶᠢᠲᠡᠯᠡᠬᠦ ᠨᠡᠷᠡᠰ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2025/4/21
     ᠣᠶᠢᠷ᠎ᠠ ᠳᠤ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︽2025 ᠣᠨ ᠤ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠨᠡᠷᠡᠰ ᠢ ᠦᠨᠡᠯᠡᠬᠦ ᠲᠤᠬᠠᠶ ᠵᠠᠷᠯᠠᠯ ︾ ᠢ ᠨᠡᠶᠢᠲᠡᠯᠡᠵᠦ᠂ ᠪᠥᠬᠦ ᠬᠤᠲᠠ ᠶᠢᠨ 120 ᠳᠤᠮᠳᠠ ᠵᠢᠵᠢᠭ ᠠᠵᠤ ᠠᠬᠤᠶᠢᠯᠠᠯ ᠤᠨ ᠰᠣᠩᠭᠤᠨ ᠨᠡᠶᠢᠲᠡᠯᠡᠬᠦ ᠨᠡᠷᠡᠰ ᠲᠤ ᠰᠣᠩᠭᠤᠭᠳᠠᠪᠠ᠃ ᠡᠭᠦᠨ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 54 ᠳᠤᠮᠳᠠ ᠪᠠᠭ᠎ᠠ ᠠᠵᠤ ᠠᠬᠤᠶᠢᠯᠠᠯ ᠰᠣᠩᠭᠤᠭᠳᠠᠪᠠ᠃     ᠣᠶᠢᠷ᠎ᠠ ᠶᠢᠨ ᠵᠢᠯ ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠴᠢᠨᠠᠷ ᠰᠠᠶᠢᠲᠠᠶ ᠳᠤᠮᠳᠠ ᠪᠠᠭ᠎ᠠ ᠠᠵᠤ ᠠᠬᠤᠶᠢᠯᠠᠯ ᠢ ᠱᠠᠲᠤᠴᠢᠯᠠᠨ ᠪᠤᠶᠢᠵᠢᠭᠤᠯᠵᠤ᠂ ᠪᠥᠬᠦ ᠲᠠᠯ᠎ᠠ ᠪᠠᠷ ᠰᠢᠭᠰᠢᠨ ᠰᠣᠩᠭᠤᠬᠤ᠂ ᠬᠥᠮᠥᠷᠭᠡ ᠪᠠᠶᠢᠭᠤᠯᠤᠨ ᠪᠤᠶᠢᠵᠢᠭᠤᠯᠬᠤ ᠪᠠ ᠨᠠᠷᠢᠯᠢᠭ ᠣᠨᠣᠴᠠᠲᠠᠶ ᠪᠠᠷ ᠬᠠᠪᠰᠤᠷᠤᠨ ᠵᠢᠯᠣᠭᠤᠳᠬᠤ ᠶᠢ ᠴᠢᠩᠭᠠᠳᠬᠠᠵᠤ᠂ ︽ᠨᠢᠭᠡ ᠪᠦᠯᠦᠭ ᠢ ᠨᠥᠭᠡᠴᠡᠯᠡᠬᠦ᠂ ᠨᠢᠭᠡ ᠪᠦᠯᠦᠭ ᠢ ᠪᠤᠶᠢᠵᠢᠭᠤᠯᠬᠤ᠂ ᠨᠢᠭᠡ ᠪᠦᠯᠦᠭ ᠢ ᠭᠤᠶᠤᠴᠢᠯᠠᠨ ᠮᠡᠳᠡᠭᠦᠯᠬᠦ︾ ᠪᠥᠬᠦ ᠲᠠᠯ᠎ᠠ ᠪᠠᠷ ᠪᠤᠶᠢᠵᠢᠭᠤᠯᠬᠤ ᠰᠢᠰᠲ᠋ᠧᠮ ᠢ ᠪᠠᠶᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ᠪᠤᠶᠢᠵᠢᠭᠤᠯᠬᠤ ᠶᠠᠰᠤ ᠴᠢᠨᠠᠷ ᠢ ᠳᠡᠭᠡᠭᠰᠢᠯᠡᠭᠦᠯᠪᠡ᠃     ᠣᠲᠣ ᠪᠣᠯᠲᠠᠯ᠎ᠠ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠨᠡᠶᠢᠲᠡ 139 ᠪᠠᠶᠢᠵᠤ᠂ ᠪᠥᠬᠦ ᠬᠤᠲᠠ ᠶᠢᠨ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ 42% ᠢ ᠡᠵᠡᠯᠡᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号