ᠲᠣᠭᠤᠭᠠᠨᠪᠣᠯᠠᠭ ᠪᠠᠯᠭᠠᠰᠤ ᠶᠡᠷᠦᠩᠬᠡᠶᠢᠯᠡᠨ ᠵᠠᠰᠠᠬᠤ ᠲᠥᠪ ᠢ ᠵᠢᠷᠤᠮᠵᠢᠭᠤᠯᠤᠨ ᠠᠵᠢᠯᠯᠠᠭᠤᠯᠬᠤ ᠵᠢᠴᠢ ᠦᠨᠳᠦᠰᠦᠨ ᠱᠠᠲᠤᠨ ᠤ ᠪᠢᠴᠢᠯ ᠵᠠᠰᠠᠯᠲᠠ ᠶᠢᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/23
    ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠨᠠᠷᠢᠯᠢᠭᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠲᠣᠭᠤᠭᠠᠨᠪᠣᠯᠠᠭ ᠪᠠᠯᠭᠠᠰᠤᠨ ᠤ ᠵᠠᠰᠠᠭ ᠤᠨ ᠣᠷᠳᠣᠨ ᠤ 4 ᠳ᠋ᠤᠭᠡᠷ ᠳᠠᠪᠬᠤᠷᠯᠢᠭ ᠤᠨ ᠬᠤᠷᠠᠯ ᠤᠨ ᠭᠡᠷ ᠲᠤ ᠶᠡᠷᠦᠩᠬᠡᠶᠢᠯᠡᠨ ᠵᠠᠰᠠᠬᠤ ᠲᠥᠪ ᠢ ᠵᠢᠷᠤᠮᠵᠢᠭᠤᠯᠤᠨ ᠠᠵᠢᠯᠯᠠᠭᠤᠯᠬᠤ ᠵᠢᠴᠢ ᠦᠨᠳᠦᠰᠦᠨ ᠱᠠᠲᠤᠨ ᠤ ᠪᠢᠴᠢᠯ ᠵᠠᠰᠠᠯᠲᠠ ᠶᠢᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ᠂ ᠨᠡᠶᠢᠭᠡᠮ ᠤᠨ ᠵᠠᠰᠠᠯᠲᠠ ᠶᠢᠨ ᠠᠯᠪᠠᠨ ᠭᠡᠷ᠂ ᠬᠠᠤᠯᠢ ᠴᠠᠭᠠᠵᠠ ᠶᠢᠨ ᠭᠠᠵᠠᠷ ᠤᠨ ᠬᠠᠮᠢᠶ᠎ᠠ ᠪᠦᠬᠦᠢ ᠠᠵᠢᠯᠲᠠᠨ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠦᠯᠵᠢᠶᠡᠨ ᠤ ᠠᠵᠢᠯᠲᠠᠨ ᠪᠣᠯᠪᠠᠰᠤᠷᠠᠯ ᠳᠤ ᠣᠷᠣᠯᠴᠠᠵᠠᠢ᠃
   ᠬᠤᠷᠠᠯ ᠳᠡᠭᠡᠷ᠎ᠡ᠂ ᠡᠩ ᠲᠡᠷᠢᠭᠦᠨ ᠳᠤ ᠶᠡᠷᠦᠩᠬᠡᠶᠢᠯᠡᠨ ᠵᠠᠰᠠᠬᠤ ᠲᠥᠪ ᠢ ᠵᠢᠷᠤᠮᠵᠢᠭᠤᠯᠤᠨ ᠪᠠᠶᠢᠭᠤᠯᠬᠤ ᠬᠤᠯᠪᠣᠭᠳᠠᠯ ᠪᠦᠬᠦᠢ ᠳᠦᠷᠢᠮ ᠲᠣᠭᠲᠠᠴᠠ ᠶᠢᠨ ᠲᠤᠬᠠᠢ ᠲᠠᠶᠢᠯᠤᠮᠵᠢ ᠬᠢᠵᠦ᠂ ᠣᠶᠢᠷ᠎ᠠ ᠶᠢᠨ ᠬᠤᠭᠤᠴᠠᠭᠠᠨ ᠤ ᠳᠡᠭᠡᠳᠦ ᠱᠠᠲᠤᠨ ᠤ 6 ᠵᠦᠢᠯ ᠤᠨ ᠳᠦᠷᠢᠮ ᠳᠤ ᠲᠠᠶᠢᠯᠤᠮᠵᠢ ᠬᠢᠬᠦ ᠪᠠᠷ ᠳᠡᠮᠵᠢᠨ᠂ ᠭᠤᠣᠯᠳᠠᠯᠭ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢᠨ ᠤᠬᠠᠮᠰᠠᠷ᠂ ᠳᠦᠷᠢᠮ ᠤᠨ ᠤᠬᠠᠮᠰᠠᠷ ᠪᠠ ᠰᠠᠬᠢᠯᠭ᠎ᠠ ᠪᠠᠲᠤ ᠶᠢᠨ ᠣᠶᠢᠯᠠᠭᠠᠭᠳᠠᠬᠤᠨ ᠢ ᠴᠢᠩᠭᠠᠷᠠᠭᠤᠯᠬᠤ ᠳᠤ ᠠᠰᠢᠭᠲᠠᠢ ᠪᠠᠶᠢᠵᠤ᠂ ᠰᠠᠭᠤᠷᠢ ᠮᠡᠳᠡᠭᠡ ᠵᠠᠩᠭᠢ ᠶᠢ ᠴᠤᠭᠯᠠᠭᠤᠯᠬᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠪᠠ ᠠᠷᠢᠯᠭᠠᠬᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠡᠮ ᠰᠣᠭᠤᠭ ᠢ ᠵᠠᠰᠠᠬᠤ᠂ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠪᠠᠶᠢᠳᠠᠯ ᠢ ᠬᠠᠮᠠᠭᠠᠯᠠᠬᠤ᠂ ᠣᠯᠠᠨ ᠨᠡᠶᠢᠲᠡ ᠶᠢᠨ ᠦᠢᠯᠡᠴᠢᠯᠡᠭᠡ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠳᠠᠭᠠᠬᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠵᠠᠳᠠᠯᠬᠤ ᠵᠡᠷᠭᠡ ᠠᠵᠢᠯ ᠢ ᠢᠯᠡᠳᠲᠡ ᠳᠡᠭᠡᠭᠰᠢᠯᠡᠭᠦᠯᠦᠨ᠎ᠡ᠃ ᠳᠠᠷᠠᠭ᠎ᠠ ᠳᠤᠨᠢ᠂ ᠰᠦᠯᠵᠢᠶᠡᠨ ᠤ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠳᠤ ᠪᠣᠯᠪᠠᠰᠤᠷᠠᠭᠤᠯᠤᠯ ᠬᠢᠵᠦ᠂ ᠪᠣᠯᠪᠠᠰᠤᠷᠠᠭᠤᠯᠤᠯ ᠨᠢ ᠣᠳᠣᠬᠠᠨ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠰᠦᠯᠵᠢᠶᠡᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ᠂ ᠠᠮᠤᠷ ᠲᠦᠪᠰᠢᠨ ᠤ ᠬᠡᠮ ᠰᠣᠭᠤᠭ ᠢ ᠲᠣᠭᠤᠷᠢᠨ ᠪᠠᠶᠢᠴᠠᠭᠠᠵᠤ ᠰᠢᠢᠳᠪᠦᠷᠢᠯᠡᠬᠦ ᠵᠡᠷᠭᠡ ᠭᠤᠣᠯ ᠠᠭᠤᠯᠭ᠎ᠠ ᠶᠢᠨ ᠲᠣᠭᠤᠷᠢᠨ ᠳᠤ ᠪᠣᠯᠪᠠᠰᠤᠷᠠᠭᠤᠯᠤᠯ ᠥᠷᠨᠢᠭᠦᠯᠵᠦ᠂ ᠰᠦᠯᠵᠢᠶᠡᠨ ᠤ ᠠᠵᠢᠯᠲᠠᠨ ︽ᠲᠥᠷᠥ ᠶᠢᠨ ᠪᠣᠳᠣᠯᠭ᠎ᠠ ᠶᠢᠨ ᠤᠬᠠᠭᠤᠯᠤᠭᠴᠢ᠂ ᠮᠡᠳᠡᠭᠡ ᠵᠠᠩᠭᠢ ᠴᠤᠭᠯᠠᠭᠤᠯᠤᠭᠴᠢ᠂ ᠵᠥᠷᠢᠴᠡᠯ ᠢ ᠡᠶᠡᠳᠡᠭᠦᠯᠦᠭᠴᠢ᠂ ᠠᠷᠠᠳ ᠤᠨ ᠠᠮᠢᠳᠤᠷᠠᠯ ᠤᠨ ᠦᠢᠯᠡᠴᠢᠯᠡᠭᠴᠢ︾ ᠪᠣᠯᠵᠤ᠂ ︽ᠬᠥᠮᠥᠨ ᠨᠢ ᠪᠠᠷᠢᠮᠵᠢᠶ᠎ᠠ ᠶᠢᠨ ᠳᠤᠮᠳᠠ ᠶᠠᠪᠤᠵᠤ᠂ ᠬᠡᠷᠡᠭ ᠶᠠᠪᠤᠳᠠᠯ ᠢ ᠰᠦᠯᠵᠢᠶᠡᠨ ᠤ ᠳᠤᠮᠳᠠ ᠰᠢᠢᠳᠪᠦᠷᠢᠯᠡᠬᠦ︾ ᠨᠢᠭᠡᠳᠦᠭᠡᠷ ᠹᠷᠣᠨᠲ ᠤᠨ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠠᠮᠤᠭ ᠤᠨ ᠰᠡᠭᠦᠯ ᠳᠤ᠂ ᠬᠠᠤᠯᠢ ᠴᠠᠭᠠᠵᠠ ᠬᠠᠤᠯᠢ ᠲᠣᠭᠲᠠᠭᠠᠯ ᠂ ᠵᠥᠷᠢᠴᠡᠯ ᠤᠨ ᠡᠶᠡᠳᠡᠭᠦᠯᠭᠡ ᠳᠤ ᠪᠣᠯᠪᠠᠰᠤᠷᠠᠯ ᠬᠦᠷᠲᠡᠭᠡᠵᠦ᠂ ᠬᠤᠷᠠᠯ ᠠᠴᠠ ᠪᠣᠳᠠᠲᠤ ᠬᠡᠷᠡᠭ ᠤᠨ ᠵᠢᠱᠢᠶ᠎ᠡ ᠪᠣᠯᠣᠨ ᠤᠨᠤᠯ ᠤᠨ ᠮᠡᠳᠡᠯᠭᠡ ᠶᠢ ᠤᠶᠠᠯᠳᠤᠭᠤᠯᠬᠤ ᠪᠠᠷ ᠳᠠᠮᠵᠢᠭᠤᠯᠵᠤ᠂ ᠬᠤᠷᠠᠯ ᠳᠤ ᠣᠷᠣᠯᠴᠠᠭᠰᠠᠳ ᠲᠤ ᠡᠶᠡᠳᠡᠭᠦᠯᠬᠦ ᠠᠵᠢᠯ ᠤᠨ ᠵᠢᠷᠤᠮᠯᠠᠪᠠᠰᠤ ᠵᠣᠬᠢᠬᠤ ᠬᠠᠤᠯᠢ ᠴᠠᠭᠠᠵᠠ ᠪᠣᠯᠣᠨ ᠵᠠᠷᠴᠢᠮ᠂ ᠡᠶᠡᠳᠡᠭᠦᠯᠬᠦ ᠠᠷᠭ᠎ᠠ ᠬᠡᠯᠪᠡᠷᠢ ᠵᠡᠷᠭᠡ ᠶᠢ ᠲᠠᠶᠢᠯᠪᠤᠷᠢᠯᠠᠨ ᠥᠭᠴᠦ᠂ ᠠᠵᠢᠯᠲᠠᠳ ᠲᠤ ᠬᠥᠷᠰᠢ ᠵᠡᠷᠭᠡᠯᠡᠳᠡᠭᠡ ᠶᠢᠨ ᠵᠠᠭᠤᠷᠠᠯᠳᠤᠭᠠᠨ᠂ ᠭᠠᠵᠠᠷ ᠰᠢᠷᠣᠢ ᠶᠢᠨ ᠵᠠᠭᠤᠷᠠᠯᠳᠤᠭᠠᠨ᠂ ᠠᠵᠤ ᠠᠬᠤᠢ ᠶᠢᠨ ᠵᠠᠭᠤᠷᠠᠯᠳᠤᠭᠠᠨ ᠵᠡᠷᠭᠡ ᠬᠡᠷᠡᠭ ᠢ ᠡᠶᠡᠳᠡᠭᠦᠯᠬᠦ ᠪᠣᠳᠠᠲᠠᠢ ᠠᠵᠢᠯᠯᠠᠭ᠎ᠠ ᠪᠣᠯᠣᠨ ᠠᠷᠭᠠᠴᠠᠬᠤ ᠠᠷᠭ᠎ᠠ ᠪᠣᠳᠣᠯᠭ᠎ᠠ ᠶᠢ ᠨᠡᠩ ᠭᠦᠨᠵᠡᠭᠡᠢ ᠣᠶᠢᠯᠠᠭᠠᠭᠤᠯᠵᠠᠢ᠃      ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠢᠯᠡᠳᠲᠡ ᠦᠷ᠎ᠡ ᠪᠦᠲᠦᠮᠵᠢ ᠣᠯᠵᠤ᠂ ᠪᠣᠯᠪᠠᠰᠤᠷᠠᠭᠤᠯᠤᠯ ᠳᠤ ᠣᠷᠣᠯᠴᠠᠭᠰᠠᠳ ᠲᠣᠰ ᠪᠡᠶ᠎ᠡ ᠶᠢᠨ ᠲᠤᠰᠢᠶᠠᠯ ᠬᠠᠷᠢᠭᠤᠴᠠᠯᠭ᠎ᠠ ᠶᠢᠨ ᠲᠤᠬᠠᠢ ᠨᠠᠩ ᠲᠣᠳᠣᠷᠬᠠᠢ ᠂ ᠨᠠᠩ ᠭᠦᠨᠵᠡᠭᠡᠢ ᠲᠠᠨᠢᠯᠲᠠ ᠲᠠᠢ ᠪᠣᠯᠤᠭᠰᠠᠨ ᠪᠥᠭᠡᠳ ᠪᠠᠰᠠ ᠬᠤᠯᠪᠣᠭᠳᠠᠯ ᠪᠦᠬᠦᠢ ᠬᠥᠮᠥᠰ ᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢ ᠤᠯᠠᠮ ᠨᠢᠭᠡ ᠠᠯᠬᠤᠮ ᠴᠢᠩᠭᠠᠳᠬᠠᠨ ᠥᠷᠭᠡᠳᠬᠡᠭᠰᠡᠨ ᠪᠠᠶᠢᠨ᠎ᠠ ᠭᠡᠵᠦ  ᠢᠯᠡᠷᠬᠡᠶᠢᠯᠡᠵᠡᠭᠡᠵᠠᠢ
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号