ᠵᠠᠬᠢᠶᠠᠯᠠᠭ᠎ᠠ ᠶᠢᠨ ᠬᠠᠭᠤᠳᠠᠰᠤ᠂ ᠪᠡᠯᠡ ᠮᠥᠩᠭᠦ ᠡᠷᠢᠬᠦ | ᠪᠥᠬᠦ ᠬᠤᠲᠠ ᠶᠢᠨ ︽ᠬᠤᠶᠠᠷ ᠢ ᠡᠯᠰᠡᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ | ᠳᠠᠶᠢᠴᠢᠯᠠᠯᠲᠠ ᠶᠢᠨ ᠶᠡᠭᠡ ᠬᠤᠷᠠᠯ ᠠᠴᠠ ᠬᠠᠷᠠᠯᠳᠠ ᠲᠣᠳᠣᠷᠬᠠᠢ ᠪᠠᠷ ᠠᠵᠤ ᠠᠬᠤᠶᠢᠯᠠᠯ ᠢ ᠬᠠᠪᠰᠤᠷᠤᠨ | ᠵᠠᠬᠢᠶᠠᠯᠠᠭ᠎ᠠ ᠶᠢᠨ ᠬᠠᠭᠤᠳᠠᠰᠤ ᠪᠠ ᠪᠡᠯᠡ ᠮᠥᠩᠭᠦ ᠡᠷᠢᠵᠦ᠂ ︽ᠰᠡᠳᠬᠢᠯ ᠬᠠᠨᠤᠮᠵᠢᠲᠠᠶ ᠪᠠᠶᠢᠬᠤ ᠶᠢ ᠴᠢᠨᠢ ᠳᠠᠭᠠᠭᠠᠨ᠎ᠠ | ︾ ︽ᠰᠠᠨᠠᠭ᠎ᠠ ᠠᠮᠤᠷ ᠪᠠᠶᠢᠬᠤ ᠶᠢ ᠴᠢᠨᠢ ᠳᠠᠭᠠᠭᠠᠨ᠎ᠠ︾ ᠭᠡᠵᠦ ᠳᠤᠷᠠᠳᠤᠨ ᠭᠠᠷᠭᠠᠪᠠ᠃ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠵᠠᠷᠯᠢᠭ ᠢ ᠰᠣᠨᠣᠰᠤᠮᠠᠭᠴᠠ | ᠬᠥᠳᠡᠯᠦᠯᠴᠡᠵᠦ᠂ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠠᠵᠤ ᠠᠬᠤᠶᠢᠯᠠᠯ ᠤᠨ ᠬᠠᠩᠭᠠᠯᠭ᠎ᠠ ᠬᠡᠷᠡᠭᠴᠡᠭᠡ ᠶᠢᠨ | ᠲᠣᠭᠤᠷᠢᠨ ᠳᠤ᠂ ᠦᠢᠯᠡᠳᠬᠦᠨ ᠤ ᠦᠢᠯᠡᠳᠪᠦᠷᠢᠯᠡᠯ ᠤᠨ ᠴᠢᠳᠠᠪᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ | ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠶᠢ ᠡᠷᠢᠨ ᠣᠯᠵᠤ᠂ ᠵᠠᠬᠢᠶᠠᠯᠠᠭ᠎ᠠ ᠶᠢᠨ ᠬᠠᠭᠤᠳᠠᠰᠤ ᠶᠢ | ᠢᠯᠡᠭᠦᠬᠡᠨ ᠡᠷᠢᠵᠦ᠂ ᠦᠷᠭᠦᠯᠵᠢ ᠵᠠᠬᠢᠶᠠᠯᠠᠭ᠎ᠠ ᠶᠢᠨ ᠬᠠᠭᠤᠳᠠᠰᠤ ᠲᠠᠢ ᠪᠠᠶᠢᠵᠤ᠂ ᠠᠵᠤ ᠠᠬᠤᠶᠢᠯᠠᠯ ᠤᠨ | ᠵᠠᠬᠢᠶᠠᠯᠠᠭ᠎ᠠ ᠶᠢᠨ ᠲᠤᠬᠠᠢ ᠲᠤᠯᠭᠠᠮ᠎ᠠ ᠬᠡᠷᠡᠭᠴᠡᠭᠡ ᠶᠢ ᠬᠠᠩᠭᠠᠵᠤ᠂ ᠠᠵᠤ ᠠᠬᠤᠶᠢᠯᠠᠯ ᠳᠤ ᠦᠢᠯᠡᠳᠪᠦᠷᠢᠯᠡᠯ ᠤᠨ | ᠠᠮᠢᠳᠤ ᠤᠰᠤ ᠨᠡᠮᠡᠷᠢᠯᠡᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠬᠤᠷᠠᠮᠳᠤᠭᠤᠯᠵᠠᠢ᠃ | ᠳ᠋ᠠ ᠳ᠋ᠢ ᠰᠢᠶᠦ᠋ᠩ ︵ᠪᠤᠭᠤᠲᠤ︶ ᠶᠢᠨ ᠲᠣᠭᠲᠠᠮᠠᠯ ᠰᠣᠷᠢᠨᠵᠢᠨ ᠰᠢᠨᠵᠢᠯᠡᠬᠦ ᠤᠬᠠᠭᠠᠨ ᠮᠡᠷᠭᠡᠵᠢᠯ ᠤᠨ | ᠺᠣᠮᠫᠠᠨᠢ | | | | ᠠᠵᠤ ᠠᠬᠤᠶᠢᠯᠠᠯ ᠤᠨ ᠦᠢᠯᠡᠳᠬᠦᠨ | ᠺᠣᠮᠫᠠᠨᠢ ᠠᠴᠠ ᠵᠠᠬ᠎ᠠ ᠳᠡᠯᠭᠡᠭᠦᠷ ᠲᠤ ᠳᠣᠣᠷᠠᠬᠢ ᠦᠢᠯᠡᠳᠬᠦᠨ ᠢ ᠬᠠᠩᠭᠠᠵᠤ ᠪᠣᠯᠣᠨ᠎ᠠ᠄ | ᠬᠤᠪᠣᠷ ᠰᠢᠷᠣᠶᠢᠲᠤ ᠰᠣᠷᠢᠨᠵᠢᠨ ᠮᠠᠲ᠋ᠧᠷᠢᠶᠠᠯ ᠤᠨ ᠦᠢᠯᠡᠳᠬᠦᠨ | ᠺᠣᠮᠫᠠᠨᠢ ᠶᠢᠨ ᠦᠢᠯᠡᠳᠪᠦᠷᠢᠯᠡᠭᠰᠡᠨ ᠰᠢᠲᠠᠭᠠᠨ ᠪᠠᠷᠢᠯᠳᠤᠭᠤᠯᠤᠭᠰᠠᠨ ᠨᠧᠦᠳᠢᠮ ᠲᠡᠮᠦᠷ ᠪᠤᠷ ᠤᠨ ᠬᠤᠪᠣᠷ | ᠰᠢᠷᠣᠢ ᠶᠢᠨ ᠲᠣᠭᠲᠠᠮᠠᠯ ᠰᠣᠷᠢᠨᠵᠢᠨ ᠴᠣᠭᠴᠠ ᠨᠢ ᠲᠤᠯᠤᠭᠠᠨ ᠶᠡᠭᠡ ᠰᠢᠷᠢᠰ ᠤᠨ 80 ᠭᠠᠷᠤᠢ ᠫᠠᠶᠢᠰᠠ ᠶᠢ | ᠬᠠᠮᠤᠷᠴᠤ᠂ Ce᠂ ᠬᠦᠨᠳᠦ ᠪᠤᠰᠤ ᠬᠤᠪᠣᠷ ᠰᠢᠷᠣᠢ ︵Dy+Tb︶᠂ GBD ᠵᠡᠷᠭᠡ ᠰᠢᠨ᠎ᠡ ᠤᠷᠠᠯᠠᠯ ᠢ ᠬᠡᠷᠡᠭᠯᠡᠵᠦ᠂ | ᠬᠠᠮᠤᠭ ᠤᠨ ᠶᠡᠭᠡ ᠰᠣᠷᠢᠨᠵᠢᠨ ᠡᠨᠧᠷᠭᠢ ᠶᠢᠨ ᠦᠷᠡᠵᠢᠪᠦᠷᠢ ᠨᠢ 54MGOe ᠳᠤ ᠬᠦᠷᠴᠦ᠂ ᠣᠣᠷ | ᠵᠠᠯᠠᠷᠠᠭᠤᠯᠭ᠎ᠠ ᠶᠢᠨ ᠬᠦᠴᠦ ᠨᠢ 40kOe ᠳᠤ ᠬᠦᠷᠴᠡᠢ᠃ | | | | ᠬᠠᠷᠢᠯᠴᠠᠬᠤ ᠬᠥᠮᠥᠨ ᠭᠦᠸᠧ ᠯᠦ ᠶᠣᠸᠠᠨ | ᠬᠠᠷᠢᠯᠴᠠᠬᠤ ᠤᠲᠠᠰᠤ 18004872111 | | | | | ᠳ᠋ᠠ ᠳ᠋ᠢ ᠰᠢᠶᠦ᠋ᠩ ︵ᠪᠤᠭᠤᠲᠤ︶ ᠶᠢᠨ ᠲᠣᠭᠲᠠᠮᠠᠯ ᠰᠣᠷᠢᠨᠵᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ 2017 ᠣᠨ ᠳᠤ ᠪᠠᠶᠢᠭᠤᠯᠤᠭᠳᠠᠵᠤ᠂ ᠪᠤᠭᠤᠲᠤ ᠬᠤᠳᠠ ᠶᠢᠨ ᠤᠯᠤᠰ ᠤᠨ ᠬᠤᠪᠣᠷ | ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠣᠷᠣᠨ ᠳᠤ | ᠪᠠᠶᠢᠷᠢᠯᠠᠵᠤ᠂ ᠠᠨᠾᠦ᠋ᠢ ᠶᠢᠨ ᠳ᠋ᠡ ᠳ᠋ᠢ ᠰᠢᠶᠦ᠋ᠩ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠶᠢᠨ ᠪᠦᠷᠢᠨ ᠪᠡᠯᠡᠳᠦ ᠬᠤᠪᠢᠶᠠᠷᠢ ᠺᠣᠮᠫᠠᠨᠢ ᠪᠣᠯᠣᠨ᠎ᠠ᠃ ᠺᠣᠮᠫᠠᠨᠢ ᠨᠢ ᠡᠬᠡ ᠺᠣᠮᠫᠠᠨᠢ ᠶᠢᠨ ᠢᠶᠠᠨ ᠮᠡᠷᠭᠡᠵᠢᠯ ᠤᠨ | ᠰᠤᠳᠤᠯᠤᠨ ᠨᠡᠭᠡᠭᠡᠯᠲᠡ᠂ ᠦᠢᠯᠡᠳᠪᠦᠷᠢᠯᠡᠯ ᠤᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠤᠯᠲᠠ | ᠵᠡᠷᠭᠡ ᠰᠠᠭᠤᠷᠢ ᠳᠤ ᠲᠦᠰᠢᠭᠯᠡᠨ᠂ ᠥᠨᠳᠥᠷ ᠴᠢᠳᠠᠪᠬᠢᠲᠤ ᠰᠢᠲᠠᠭᠠᠨ ᠪᠠᠷᠢᠯᠳᠤᠭᠤᠯᠤᠭᠰᠠᠨ ᠲᠡᠮᠦᠷ ᠪᠤᠷ ᠤᠨ ᠬᠤᠪᠣᠷ | ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠶᠢ | ᠭᠤᠣᠯ ᠡᠵᠡᠩᠨᠡᠨ᠎ᠡ᠃ ᠺᠣᠮᠫᠠᠨᠢ ᠨᠢ ᠵᠢᠯ ᠳᠤ 8000 ᠲᠣᠨ ᠥᠨᠳᠥᠷ ᠴᠢᠳᠠᠪᠬᠢ ᠲᠠᠢ ᠰᠢᠲᠠᠭᠠᠨ | ᠪᠠᠷᠢᠯᠳᠤᠭᠤᠯᠤᠭᠰᠠᠨ ᠲᠡᠮᠦᠷ ᠪᠤᠷ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠴᠢᠳᠠᠪᠤᠷᠢ ᠲᠠᠢ ᠪᠠᠶᠢᠵᠤ᠂ | ᠦᠢᠯᠡᠳᠪᠦᠷᠢᠯᠡᠯ ᠤᠨ ᠬᠡᠪᠴᠢᠶ᠎ᠡ ᠪᠠ ᠲᠦᠪᠰᠢᠨ ᠨᠢ ᠤᠯᠤᠰ ᠤᠨ ᠳᠣᠲᠣᠭᠠᠳᠤ ᠶᠢᠨ ᠲᠡᠷᠢᠭᠦᠨ ᠤ ᠪᠠᠶᠢᠷᠢᠨ ᠳᠤ | ᠣᠷᠣᠰᠢᠨ᠎ᠠ᠃ | | | ᠳ᠋ᠠ ᠳ᠋ᠢ ᠰᠢᠶᠦ᠋ᠩ ︵ᠪᠤᠭᠤᠲᠤ︶ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ |