【 ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠬᠤ 】 ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ ᠵᠣᠭᠤᠰ ᠨᠠᠭᠠᠳᠬᠤ ᠠᠴᠠ ᠬᠤᠯᠠᠳᠬᠤ
ᠨᠡᠶᠢᠲᠡᠯᠡᠭᠰᠡᠨ ᠴᠠᠭ᠄
2025/4/27
     ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠦᠨᠡᠨᠴᠢ ᠢᠲᠡᠭᠡᠮᠵᠢᠲᠡᠶ ᠪᠠᠷ ᠬᠠᠤᠯᠢ ᠶᠢ ᠰᠠᠬᠢᠬᠤ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭᠠᠯᠢ ᠠᠷᠠᠳ ᠤᠨ ᠵᠣᠭᠤᠰ ᠨᠠᠭᠠᠳᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠮᠤᠷ ᠲᠦᠪᠰᠢᠨ᠂ ᠡᠶ᠎ᠡ ᠵᠣᠬᠢᠴᠠᠩᠭᠤᠶ᠂ ᠲᠣᠭᠲᠠᠭᠤᠨ ᠨᠡᠶᠢᠭᠡᠮ ᠲᠣᠭᠤᠷᠢᠭ ᠤᠨ ᠬᠡᠪ ᠰᠤᠷᠲᠠᠯ ᠢ ᠪᠣᠶ ᠪᠣᠯᠭᠠᠬᠤ ᠶᠢᠨ ᠲᠥᠯᠥᠭᠡ᠂ 2025 ᠣᠨ ᠤ 4 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠮᠢᠨ ᠰᠢᠨ ᠵᠠᠮ ᠵᠡᠭᠡᠯᠢ ᠭᠤᠳᠤᠮᠵᠢ ᠶᠢᠨ ᠷᠦᠩ ᠲᠠᠢ ᠵᠠᠮ ᠤᠨ ᠨᠡᠶᠢᠭᠡᠮ ᠲᠣᠭᠤᠷᠢᠭ ︽ᠦᠨᠡᠨᠴᠢ ᠢᠲᠡᠭᠡᠮᠵᠢᠲᠡᠶ ᠪᠠᠷ ᠬᠠᠤᠯᠢ ᠶᠢ ᠰᠠᠬᠢᠵᠤ ᠵᠣᠭᠤᠰ ᠨᠠᠭᠠᠳᠬᠤ ᠠᠴᠠ ᠬᠤᠯᠠ ᠵᠠᠶᠢᠯᠠᠬᠤ︾ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃     ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠬᠢᠨ ᠰᠤᠷᠭᠠᠨ ᠬᠥᠮᠦᠵᠢᠯ ᠤᠨ ᠹᠢᠯᠢᠮ ᠦᠵᠡᠬᠦ᠂ ᠵᠠᠷᠯᠠᠯ ᠨᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠦᠨᠡᠨᠴᠢ ᠢᠲᠡᠭᠡᠮᠵᠢ ᠪᠠ ᠵᠣᠭᠤᠰ ᠨᠠᠭᠠᠳᠬᠤ ᠤᠬᠠᠭᠳᠠᠬᠤᠨ᠂ ᠰᠦᠯᠵᠢᠶ᠎ᠡ ᠪᠠᠷ ᠵᠣᠭᠤᠰ ᠨᠠᠭᠠᠳᠬᠤ ᠶᠢᠨ ᠢᠯᠡᠷᠡᠭᠦᠯᠬᠦ ᠬᠡᠯᠪᠡᠷᠢ ᠵᠢᠴᠢ ᠵᠣᠭᠤᠰ ᠨᠠᠭᠠᠳᠬᠤ ᠨᠢ ᠭᠡᠷ ᠪᠦᠯᠢ ᠪᠠ ᠨᠡᠶᠢᠭᠡᠮ ᠳᠤ ᠦᠵᠡᠭᠦᠯᠬᠦ ᠬᠤᠤᠷ ᠬᠥᠨᠥᠭᠡᠯᠲᠦ ᠴᠢᠨᠠᠷ ᠢ ᠲᠦᠭᠡᠮᠡᠯᠵᠢᠭᠦᠯᠵᠡᠶ᠃ ᠡᠭᠦᠨ ᠤ ᠬᠠᠮᠲᠤ᠂ ᠬᠠᠵᠠᠭᠤ ᠳᠤᠨᠢ ᠵᠣᠭᠤᠰ ᠮᠥᠷᠦ᠋ᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠠᠭᠤᠭᠠᠯᠢ ᠠᠷᠠᠳ ᠣᠯᠠᠨ ᠳᠤ ᠵᠣᠭᠤᠰ ᠮᠥᠷᠦ᠋ᠢᠴᠡᠭᠰᠡᠨ ᠬᠠᠤᠯᠢ ᠠᠴᠠ ᠵᠥᠷᠢᠴᠡᠭᠰᠡᠨ ᠴᠢᠨᠠᠷ᠂ ᠮᠡᠬᠡᠯᠡᠬᠦ ᠴᠢᠨᠠᠷ ᠢ ᠢᠯᠡᠴᠢᠯᠡᠵᠦ᠂ ᠰᠠᠭᠤᠭᠠᠯᠢ ᠠᠷᠠᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠦᠨᠡᠨᠴᠢ ᠢᠲᠡᠭᠡᠮᠵᠢᠲᠡᠶ ᠪᠠᠷ ᠬᠠᠤᠯᠢ ᠶᠢ ᠰᠠᠬᠢᠬᠤ ᠦᠵᠡᠯ ᠤᠬᠠᠮᠰᠠᠷ ᠪᠠ ᠡᠷᠡᠭᠦᠯ ᠰᠠᠷᠠᠭᠤᠯ ᠵᠤᠭ᠎ᠠ ᠴᠡᠩᠭᠡᠯ ᠤᠨ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠵᠤ᠂ ᠣᠯᠠᠨ ᠳᠤ ᠦᠨᠡᠨᠴᠢ ᠢᠲᠡᠭᠡᠮᠵᠢᠲᠡᠶ ᠪᠠᠷ ᠵᠣᠭᠤᠰ ᠮᠥᠷᠦ᠋ᠢᠴᠡᠭᠰᠡᠨ ᠦᠨᠡᠨ ᠪᠠᠶᠢᠳᠠᠯ ᠢ ᠲᠣᠳᠣᠷᠬᠠᠶ ᠲᠠᠨᠢᠵᠤ᠂ ᠬᠠᠤᠯᠢ ᠲᠤᠷᠰᠢᠵᠤ ᠪᠣᠯᠬᠤ ᠥᠬᠡᠶ᠂ ᠵᠣᠭᠤᠰ ᠨᠠᠭᠠᠳᠬᠤ ᠠᠴᠠ ᠬᠤᠯᠠ ᠵᠠᠶᠢᠳᠠᠬᠤ ᠬᠡᠷᠡᠭᠲᠡᠶ ᠭᠡᠵᠦ ᠰᠠᠨᠠᠭᠤᠯᠪᠠ᠃     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠰᠠᠭᠤᠭᠠᠯᠢ ᠠᠷᠠᠳ ᠤᠨ ᠦᠨᠡᠨᠴᠢ ᠢᠲᠡᠭᠡᠮᠵᠢᠲᠡᠶ ᠪᠠ ᠵᠣᠭᠤᠰ ᠨᠠᠭᠠᠳᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠲᠤᠬᠠᠶ ᠲᠠᠨᠢᠯᠲᠠ ᠪᠠ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠲᠡᠳᠡᠨ ᠢ ᠦᠵᠡᠯ ᠰᠠᠨᠠᠭ᠎ᠠ᠂ ᠰᠡᠳᠬᠢᠴᠡ ᠶᠢᠨ ᠲᠠᠯ᠎ᠠ ᠪᠠᠷ᠂ ᠦᠢᠯᠡ ᠠᠵᠢᠯᠯᠠᠭ᠎ᠠ ᠶᠢᠨ ᠲᠠᠯ᠎ᠠ ᠪᠠᠷ ᠵᠣᠭᠤᠰ ᠨᠠᠭᠠᠳᠬᠤ ᠶᠢ ᠲᠡᠪᠴᠢᠬᠦ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠦᠨᠡᠨᠴᠢ ᠢᠲᠡᠭᠡᠮᠵᠢᠲᠡᠶ᠂ ᠵᠣᠭᠤᠰ ᠨᠠᠭᠠᠳᠬᠤ ᠶᠢ ᠴᠠᠭᠠᠵᠠᠯᠠᠬᠤ᠂ ᠵᠣᠭᠤᠰ ᠨᠠᠭᠠᠳᠬᠤ ᠶᠢ ᠲᠡᠪᠴᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠳᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠤᠨ ᠬᠢᠨ ᠵᠣᠭᠤᠰ ᠨᠠᠭᠠᠳᠬᠤ ᠶᠢ ᠴᠠᠭᠠᠵᠠᠯᠠᠬᠤ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠠᠭᠤᠭᠠᠯᠢ ᠠᠷᠠᠳ ᠲᠤ ᠵᠣᠭᠤᠰ ᠨᠠᠭᠠᠳᠬᠤ ᠠᠴᠠ ᠵᠠᠶᠢᠳᠠᠬᠤ᠂ ᠵᠣᠭᠤᠰ ᠨᠠᠭᠠᠳᠬᠤ ᠳᠤ ᠣᠷᠣᠯᠴᠠᠬᠤ ᠦᠭᠡᠢ᠂ ᠵᠣᠭᠤᠰ ᠨᠠᠭᠠᠳᠬᠤ ᠳᠤ ᠬᠤᠯᠪᠣᠭᠳᠠᠬᠤ ᠦᠭᠡᠢ ᠪᠠᠶᠢᠬᠤ ᠶᠢ ᠴᠠᠭ ᠢᠮᠠᠭᠲᠠ ᠰᠠᠨᠠᠭᠤᠯᠵᠤ᠂ ᠤᠬᠠᠮᠰᠠᠷ ᠠᠴᠠ ᠪᠠᠨ ᠵᠣᠭᠤᠰ ᠨᠠᠭᠠᠳᠬᠤ ᠶᠢ ᠲᠡᠪᠴᠢᠵᠦ ᠵᠣᠭᠤᠰ ᠨᠠᠭᠠᠳᠬᠤ ᠶᠢ ᠡᠰᠡᠷᠭᠦᠴᠡᠵᠦ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠬᠤ ᠰᠠᠶᠢᠨ ᠠᠷᠠᠳ ᠢᠷᠭᠡᠨ ᠪᠣᠯᠬᠤ ᠶᠢ  ᠨᠠᠶᠢᠳᠠᠪᠠ᠃
 
ᠢᠷᠡᠯᠲᠡ᠄ ᠮᠢᠨ ᠰᠢᠨ ᠵᠠᠮ  ᠵᠡᠭᠡᠯᠢ ᠭᠤᠳᠤᠮᠵᠢ ᠵᠢᠨ‌‍ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号