ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠢᠭᠡᠳᠦᠭᠡᠷ ᠤᠯᠠᠷᠢᠯ ᠤᠨ ᠠᠵᠤ ᠠᠬᠤᠢ ᠲᠣᠭᠲᠠᠭᠤᠨ ᠤ ᠳᠤᠮᠳᠠ ᠰᠠᠶᠢᠵᠢᠷᠠᠪᠠ
ᠨᠡᠶᠢᠲᠡᠯᠡᠭᠰᠡᠨ ᠴᠠᠭ᠄
2025/4/27
    ᠣᠶᠢᠷ᠎ᠠ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠄ ᠡᠨᠡ ᠵᠢᠯ ᠤᠨ ᠨᠢᠭᠡᠳᠦᠭᠡᠷ ᠤᠯᠠᠷᠢᠯ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 177.89 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠬᠤᠲᠠ ᠶᠢᠨ ᠲᠠᠪᠤᠨ ᠣᠷᠣᠨ ᠤ ᠨᠢᠭᠡᠳᠦᠭᠡᠷ ᠲᠤ ᠣᠷᠣᠵᠤ᠂ ᠪᠥᠬᠦ ᠬᠤᠲᠠ ᠶᠢᠨ ︵7.1%︶ ᠠᠴᠠ 2.4 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠬᠤᠲᠠ ᠶᠢᠨ 1.4 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠪᠠ᠃    ᠡᠨᠡ ᠵᠢᠯ ᠡᠴᠠ‌ᠨᠠᠭᠠᠰᠢ᠂ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠣᠠ ᠤ ᠡᠯ᠎ᠡ ᠵᠦᠢᠯ ᠤᠨ  ᠰᠢᠢᠳᠪᠦᠷᠢᠲᠦ ᠪᠣᠳᠣᠯᠭ᠎ᠠ ᠶᠢᠨ ᠪᠠᠶᠢᠷᠢᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ  ᠬᠤᠪᠤᠷ ᠰᠢᠷᠤᠢ ᠶᠢᠨ ᠰᠠᠭᠤᠷᠢᠨ ᠭᠠᠵᠠᠷ︾ ᠢ  ᠪᠠᠶᠢᠭᠤᠯᠬᠤ ᠡᠨᠡ ᠬᠦ ᠲᠡᠷᠢᠭᠦᠨ ᠴᠢᠬᠤᠯᠠ ᠶᠡᠭᠡ ᠶᠠᠪᠤᠳᠠᠯ ᠢ ᠪᠠᠷᠢᠮᠲᠠᠯᠠᠨ᠂ ︽ᠬᠤᠶᠠᠷ  ᠰᠢᠨ᠎ᠡ︾ ᠭᠡᠬᠦ ᠵᠢᠯᠣᠭᠤᠳᠤᠮᠵᠢ ᠶᠢ ᠪᠠᠷᠢᠮᠲᠠᠯᠠᠵᠤ᠂ ᠨᠡᠮᠡᠭᠳᠡᠯ ᠤᠨ ᠤᠬᠠᠮᠰᠠᠷ ᠢᠶᠠᠨ  ᠴᠢᠩᠭᠠᠳᠬᠠᠨ᠂ ︽ ᠲᠠᠶᠢᠯᠠᠬᠤ ᠰᠡᠳᠭᠢᠬᠦᠢ ᠲᠠᠢ︾  ᠪᠠᠶᠢᠵᠤ᠂  ᠨᠢᠭᠡᠳᠦᠭᠡᠷ ᠤᠯᠠᠷᠢᠯ ᠳᠤ ᠪᠦᠭᠦ ᠤᠷᠣᠠ ᠤ ᠠᠵᠣ ᠠᠬᠤᠢ ᠶᠢᠨ ᠭᠦᠢᠭᠵᠢᠯᠳᠠ ᠶᠢ ᠲᠣᠭᠲᠠᠭᠤᠨ ᠪᠠᠶᠢᠯᠭᠠᠪᠠ᠃     ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠨᠡᠮᠡᠭᠳᠡᠯ ᠢ ᠪᠠᠲᠤᠯᠠᠪᠠ᠃ ᠨᠢᠭᠡᠳᠦᠭᠡᠷ ᠤᠯᠠᠷᠢᠯ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 17.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ︵13%︶ ᠠᠴᠠ 4.7 ᠵᠠᠭᠤᠨ ᠤ ᠴᠡᠭ ᠥᠨᠳᠥᠷ ᠪᠣᠯᠪᠠ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 91.3% ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ 73.6 ᠵᠠᠭᠤᠨ ᠤ ᠨᠢᠭᠡᠴᠢ ᠥᠨᠳᠥᠷ ᠪᠣᠯᠵᠤ᠂ ᠶᠡᠷᠦᠩᠬᠡᠢ ᠬᠡᠮᠵᠢᠶ᠎ᠡ ᠨᠢ 22.9% ᠶᠢ ᠡᠵᠡᠯᠡᠪᠡ  ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 29.4% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ 11.7 ᠵᠠᠭᠤᠨ ᠤ ᠴᠡᠭ ᠥᠨᠳᠥᠷ ᠪᠣᠯᠵᠤ᠂ ᠶᠡᠷᠦᠩᠬᠡᠢ ᠬᠡᠮᠵᠢᠶᠡᠨ ᠤ ᠬᠠᠷᠢᠴᠠᠯ ᠨᠢ 64.5% ᠶᠢ ᠡᠵᠡᠯᠡᠪᠡ᠃ ᠬᠤᠪᠣᠷ ᠰᠢᠷᠣᠶ ᠶᠢᠨ ᠠᠵᠤ ᠦᠢᠯᠡᠰ ᠤᠨ ᠨᠡᠮᠡᠭᠳᠡᠯ ᠥᠷᠲᠡᠭ 22.2% ᠢᠶᠠᠷ ᠨᠡᠮᠡᠭᠳᠡᠵᠦ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7.2 ᠵᠠᠭᠤᠨ ᠤ ᠴᠡᠭ ᠢᠶᠠᠷ ᠨᠡᠮᠡᠭᠳᠡᠭᠦᠯᠬᠦ ᠪᠠᠷ ᠳᠠᠶᠢᠴᠢᠯᠠᠵᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ 41% ᠪᠣᠯᠪᠠ᠃ ᠭᠡᠷᠡᠯ ᠴᠡᠨᠡᠭ ᠤᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 47.6% ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 6.3 ᠵᠠᠭᠤᠨ ᠤ ᠴᠡᠭ ᠨᠡᠮᠡᠭᠳᠡᠭᠦᠯᠵᠦ᠂ ᠬᠤᠪᠢ ᠨᠡᠮᠡᠷᠢ ᠶᠢᠨ ᠨᠣᠷᠮ᠎ᠠ 35.7% ᠳᠤ ᠬᠦᠷᠪᠡ᠃     ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠪᠡ᠃ ᠨᠢᠭᠡᠳᠦᠭᠡᠷ ᠤᠯᠠᠷᠢᠯ ᠳᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 26.5% ᠪᠠᠷ ᠨᠡᠮᠡᠭᠳᠡᠵᠦ ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ︵20.9%︶ ᠠᠴᠠ 5.6 ᠵᠠᠭᠤᠨ ᠤ ᠴᠡᠭ ᠥᠨᠳᠥᠷ ᠪᠣᠯᠪᠠ᠃ ᠰᠢᠨ᠎ᠡ ᠪᠠᠷ ᠠᠵᠢᠯ ᠡᠬᠢᠯᠡᠭᠦᠯᠦᠭᠰᠡᠨ ᠲᠥᠷᠥᠯ ᠵᠦᠢᠯ ᠨᠢ ᠡᠷᠴᠢᠮᠳᠡᠢ ᠪᠠᠶᠢᠵᠤ᠂ ᠰᠢᠨ᠎ᠡ ᠪᠠᠷ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ 17 ᠪᠠᠶᠢᠵᠤ᠂ ᠪᠠᠯᠠ ᠣᠷᠣᠭᠤᠯᠤᠯᠲᠠ ᠨᠢ ᠪᠥᠬᠦ ᠪᠠᠯᠠ ᠣᠷᠣᠭᠤᠯᠤᠯᠲᠠ ᠶᠢᠨ 31.1% ᠶᠢ ᠡᠵᠡᠯᠡᠵᠦ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠢ 39.3 ᠵᠠᠭᠤᠨ ᠤ ᠬᠤᠪᠢ ᠶᠢᠨ ᠴᠡᠭ ᠳᠠᠶᠢᠴᠢᠯᠠᠪᠠ᠃    ᠬᠡᠷᠡᠭᠯᠡᠭᠡᠨ ᠤ ᠵᠠᠬ᠎ᠠ ᠳᠡᠯᠭᠡᠭᠦᠷ ᠤᠨ ᠨᠡᠮᠡᠭᠳᠡᠯ ᠬᠦᠴᠦᠲᠡᠢ᠃ ᠨᠢᠭᠡᠳᠦᠭᠡᠷ ᠤᠯᠠᠷᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 21.77 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.8% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ︵7.4︶ ᠠᠴᠠ 2.4 ᠵᠠᠭᠤᠨ ᠤ ᠨᠢᠭᠡᠴᠢ ᠥᠨᠳᠥᠷ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠵᠤ ᠠᠬᠤᠶᠢᠯᠠᠯ ᠤᠨ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 13.53 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34% ᠪᠠᠷ ᠨᠡᠮᠡᠭᠳᠡᠨ᠂ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 12.17 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.9% ᠪᠠᠷ ᠨᠡᠮᠡᠭᠳᠡᠨ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢᠨ 89.9% ᠶᠢ ᠡᠵᠡᠯᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢ 30 ᠵᠠᠭᠤᠨ ᠤ ᠴᠡᠭ ᠨᠡᠮᠡᠭᠳᠡᠭᠦᠯᠪᠡ᠃     ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠦᠷᠭᠦᠯᠵᠢᠯᠡᠨ ᠨᠡᠮᠡᠭᠳᠡᠪᠡ᠃ ᠨᠢᠭᠡᠳᠦᠭᠡᠷ ᠤᠯᠠᠷᠢᠯ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 17791 ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠯᠤᠭ᠎ᠠ ᠲᠡᠩᠴᠡᠵᠤ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ 1002 ᠲᠥᠭᠦᠷᠢᠭ ᠥᠨᠳᠥᠷ ᠪᠣᠯᠪᠠ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 12355 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.9% ᠪᠠᠷ ᠨᠡᠮᠡᠭᠳᠡᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号