ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠰᠦᠯᠵᠢᠶ᠎ᠡ ᠶᠢᠨ | ᠮᠡᠳᠡᠭᠡ ᠶᠢ ᠦᠨᠳᠦᠰᠦᠯᠡᠪᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ | ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ | ᠭᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶ ᠲᠣᠪᠴᠢᠶ᠎ᠠ ᠲᠦᠷᠦᠭᠦᠬᠡᠨ ᠬᠠᠮᠲᠤᠷᠠᠨ ︽ᠬᠥᠳᠡᠭᠡ ᠲᠣᠰᠬᠤᠨ ᠤ ᠬᠡᠷ ᠪᠠᠶᠢᠰᠢᠩ ᠤᠨ ᠪᠥᠲᠥᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ᠰᠠᠨᠠᠯ︾ | ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ︽ᠰᠠᠨᠠᠯ︾ ᠳᠤ᠂ 2025 ᠣᠨ ᠪᠣᠯᠬᠤ ᠳᠤ᠂ ᠬᠥᠳᠡᠭᠡ ᠲᠣᠰᠬᠤᠨ ᠤ ᠣᠨᠴᠠᠯᠢᠭ ᠲᠤ ᠵᠣᠬᠢᠴᠠᠭᠰᠠᠨ | ᠬᠥᠳᠡᠭᠡ ᠲᠣᠰᠬᠤᠨ ᠤ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ | ᠲᠣᠭᠲᠠᠴᠠ ᠶᠢ ᠦᠨᠳᠦᠰᠦᠨ ᠳᠡᠭᠡᠨ ᠪᠠᠶᠢᠭᠤᠯᠵᠤ᠂ ᠬᠥᠳᠡᠭᠡ ᠲᠣᠰᠬᠤᠨ ᠤ ᠬᠡᠷ ᠪᠠᠶᠢᠰᠢᠩ ᠤᠨ ᠶᠠᠰᠤ ᠴᠢᠨᠠᠷ ᠤᠨ | ᠠᠮᠤᠷ ᠲᠦᠪᠰᠢᠨ ᠤ ᠪᠥᠬᠦ ᠶᠠᠪᠤᠴᠠ ᠳᠤ ᠪᠢᠲᠡᠭᠦᠮᠵᠢᠯᠡᠭᠰᠡᠨ ᠬᠢᠨᠠᠯᠲᠠ ᠬᠠᠮᠢᠶᠠᠷᠤᠯᠳᠠ ᠬᠢᠵᠦ᠂ ᠬᠥᠳᠡᠭᠡ ᠲᠣᠰᠬᠤᠨ ᠤ | ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠨ ᠪᠥᠭᠡᠳ ᠡᠮᠬᠢ | ᠵᠢᠷᠤᠮ ᠲᠠᠢ ᠪᠣᠯᠭᠠᠵᠤ᠂ ᠬᠥᠳᠡᠭᠡ ᠲᠣᠰᠬᠤᠨ ᠤ ᠬᠡᠷ ᠪᠠᠶᠢᠰᠢᠩ ᠤᠨ ᠠᠮᠤᠷ ᠳᠦᠪᠰᠢᠨ ᠤ ᠲᠦᠭᠰᠢᠭᠦᠷᠢ ᠶᠢ | ᠪᠦᠲᠦᠮᠵᠢᠲᠡᠶ ᠬᠠᠮᠢᠶᠠᠷᠤᠨ ᠡᠵᠡᠮᠳᠡᠵᠦ᠂ ᠬᠥᠳᠡᠭᠡ ᠲᠣᠰᠬᠤᠨ ᠤ ᠬᠡᠷ ᠪᠠᠶᠢᠰᠢᠩ ᠤᠨ ᠶᠠᠰᠤ ᠴᠢᠨᠠᠷ ᠤᠨ ᠠᠮᠤᠷ | ᠲᠦᠪᠰᠢᠨ ᠤ ᠬᠢᠷᠢ ᠲᠦᠪᠰᠢᠨ ᠢ ᠨᠡᠶᠢᠳᠡᠮ ᠳᠡᠭᠡᠭᠰᠢᠯᠡᠭᠦᠯᠦᠨ᠎ᠡ᠃ 2035 ᠣᠨ ᠪᠣᠯᠬᠤ ᠳᠤ᠂ ᠬᠥᠳᠡᠭᠡ | ᠲᠣᠰᠬᠤᠨ ᠤ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ ᠤᠨ ᠰᠢᠰᠲ᠋ᠧᠮ ᠪᠠ | ᠮᠡᠷᠭᠡᠵᠢᠯ ᠤᠨ ᠪᠠᠷᠢᠮᠵᠢᠶ᠎ᠠ ᠶᠢᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠵᠤ᠂ ᠬᠥᠳᠡᠭᠡ ᠲᠣᠰᠬᠤᠨ ᠤ ᠬᠡᠷ | ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠢᠵᠢ ᠪᠥᠷᠢᠳᠦᠭᠦᠯᠬᠦ | ᠲᠥᠬᠦᠭᠡᠷᠦᠮᠵᠢ ᠶᠢ ᠦᠨᠳᠦᠰᠦᠨ ᠳᠡᠭᠡᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠬᠡᠷ ᠪᠠᠶᠢᠰᠢᠩ ᠤᠨ ᠪᠥᠲᠥᠭᠡᠨ | ᠪᠠᠶᠢᠭᠤᠯᠤᠯᠲᠠ ᠶᠢᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠦᠨ᠎ᠡ᠃ | |