ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠮᠤᠷ ᠲᠦᠪᠰᠢᠨ ᠢ ᠡᠮᠬᠢ ᠵᠢᠷᠤᠮ ᠲᠠᠢ ᠪᠠᠷ | ᠵᠠᠬ᠎ᠠ ᠳᠡᠯᠭᠡᠭᠦᠷ ᠲᠤ ᠭᠠᠷᠭᠠᠬᠤ ᠶᠢ ᠪᠠᠲᠤᠯᠠᠵᠤ᠂ ᠮᠠᠨ ᠤ ᠪᠠᠯᠭᠠᠰᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 27 ᠤ ᠡᠳᠦᠷ᠂ ᠤᠯᠠᠨᠪᠤᠯᠠᠭ ᠪᠠᠯᠭᠠᠰᠤ 2025 ᠣᠨ ᠤ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠠᠴᠠ ᠣᠳᠣᠬᠠᠨ ᠤ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠣᠷᠣᠰᠢᠵᠤ ᠪᠠᠶᠢᠭ᠎ᠠ | ᠠᠰᠠᠭᠤᠳᠠᠯ ᠢ ᠵᠠᠳᠠᠯᠵᠤ᠂ 2025 ᠣᠨ ᠤ ᠭᠤᠤᠯᠳᠠᠯᠭ᠎ᠠ ᠲᠠᠢ ᠪᠠᠶᠢᠴᠠᠭᠠᠨ ᠰᠢᠯᠭᠠᠬᠤ ᠡᠭᠦᠷᠭᠡ ᠶᠢ ᠳᠣᠭᠢᠷᠠᠭᠤᠯᠤᠨ | ᠪᠠᠶᠢᠷᠢᠯᠠᠭᠤᠯᠬᠤ ᠶᠢᠨ ᠬᠠᠮᠲᠤ ︽ᠬᠡᠷᠡᠭᠯᠡᠬᠦ ᠶᠢ ᠴᠠᠭᠠᠵᠠᠯᠠᠭᠰᠠᠨ ᠲᠠᠷᠢᠶᠠᠨ ᠡᠮ ᠤᠨ ᠨᠡᠷᠡᠰ︾᠂ ︽ᠬᠡᠷᠡᠭᠯᠡᠬᠦ ᠶᠢ | ᠴᠠᠭᠠᠵᠠᠯᠠᠭᠰᠠᠨ ᠮᠠᠯ ᠤᠨ ᠡᠮ ᠤᠨ ᠨᠡᠷᠡᠰ︾ ᠢ ᠬᠤᠪᠢᠶᠠᠨ ᠲᠠᠷᠬᠠᠭᠠᠪᠠ᠃ ᠡᠯ᠎ᠡ ᠲᠣᠰᠬᠤᠨ᠂ ᠬᠤᠪᠢᠶᠠᠷᠢ | ᠺᠣᠮᠫᠠᠨᠢ ᠶᠢᠨ ᠬᠢᠨᠠᠨ ᠬᠠᠮᠢᠶᠠᠷᠬᠤ ᠠᠵᠢᠯᠲᠠᠨ ᠬᠤᠷᠠᠯ ᠳᠤ ᠣᠷᠣᠯᠴᠠᠪᠠ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠬᠠᠮᠢᠶ᠎ᠠ ᠪᠦᠬᠦᠢ ᠠᠵᠢᠯᠲᠠᠳ ᠲᠣᠭᠤᠷᠢᠨ ᠪᠠᠶᠢᠴᠠᠭᠠᠬᠤ | ᠠᠵᠢᠯ ᠢ ᠥᠷᠨᠢᠭᠦᠯᠬᠦ ᠬᠡᠷᠡᠭᠲᠡᠢ᠃ ᠡᠯ᠎ᠡ ᠲᠣᠰᠬᠤᠨ᠂ ᠬᠤᠪᠢᠶᠠᠷᠢ ᠺᠣᠮᠫᠠᠨᠢ ᠶᠢᠨ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠰᠦᠯᠵᠢᠶᠡᠨ ᠤ ᠠᠵᠢᠯᠲᠠᠨ ᠤᠯᠠᠨᠪᠤᠯᠠᠭ ᠪᠠᠯᠭᠠᠰᠤᠨ ᠤ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠨᠡᠷᠡᠰ ᠤᠨ ᠬᠥᠮᠥᠷᠭᠡ ᠶᠢᠨ | ᠳᠣᠲᠣᠷᠠᠬᠢ ᠦᠢᠯᠡᠳᠪᠦᠷᠢᠯᠡᠯ ᠤᠨ ᠭᠤᠤᠯ ᠴᠣᠭᠴᠠ ᠳᠤ ᠴᠢᠭᠯᠡᠭᠦᠯᠦᠨ᠂ ᠲᠠᠷᠢᠶᠠᠯᠠᠩ ᠠᠮᠤᠷ ᠲᠦᠪᠰᠢᠨ ᠤ ᠥᠪᠥᠷ | ᠮᠣᠩᠭᠤᠯ ᠤᠨ ᠵᠠᠰᠠᠭ ᠤᠨ ᠶᠠᠪᠤᠳᠠᠯ ᠤᠨ ᠦᠵᠦᠭᠦᠷ ᠤᠨ APP ᠶᠢ ᠠᠰᠢᠭᠯᠠᠨ ᠪᠦᠬᠦᠨ ᠢ ᠬᠠᠮᠤᠷᠤᠨ ᠲᠣᠭᠤᠷᠢᠨ | ᠪᠠᠶᠢᠴᠠᠭᠠᠵᠤ᠂ ᠪᠥᠬᠦ ᠵᠢᠯ ᠳᠤ ᠠᠳᠠᠭ ᠲᠠᠭᠠᠨ ᠬᠤᠶᠠᠷ ᠤᠳᠠᠭ᠎ᠠ ᠲᠣᠭᠤᠷᠢᠨ ᠪᠠᠶᠢᠴᠠᠭᠠᠬᠤ ᠶᠢᠨ ᠬᠠᠮᠲᠤ ᠲᠣᠭᠤᠷᠢᠨ | ᠪᠠᠶᠢᠴᠠᠭᠠᠭᠰᠠᠨ ᠪᠣᠳᠠᠲᠠᠶ ᠪᠠᠶᠢᠳᠠᠯ ᠢᠶᠠᠨ ᠲᠣᠮᠣ ᠳ᠋ᠠᠶᠢᠲ᠋ᠠ ᠶᠢᠨ ᠲᠠᠪᠴᠠᠩ ᠳᠤ ᠳᠠᠮᠵᠢᠭᠤᠯᠪᠠ᠃ ᠬᠤᠶᠠᠷ ᠲᠤ᠂ | ᠪᠠᠷᠢᠮᠵᠢᠶ᠎ᠠ ᠳᠤ ᠬᠦᠷᠦᠭᠦᠯᠬᠦ ᠪᠠᠷ ᠠᠮᠠᠯᠠᠭᠰᠠᠨ ᠬᠢᠷᠢ ᠲᠡᠩᠴᠡᠭᠰᠡᠨ ᠦᠨᠡᠮᠯᠡᠯ ᠤᠨ ︽ᠭᠡᠷᠡᠴᠢ ᠭᠠᠷᠭᠠᠬᠤ︾ ᠠᠵᠢᠯᠯᠠᠭ᠎ᠠ | ᠥᠷᠨᠢᠭᠦᠯᠦᠨ᠎ᠡ᠃ ᠡᠯ᠎ᠡ ᠲᠣᠰᠬᠤᠨ᠂ ᠬᠤᠪᠢᠶᠠᠷᠢ ᠺᠣᠮᠫᠠᠨᠢ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠲᠤᠤᠷᠴᠢᠯᠠᠯ ᠤᠨ ᠠᠵᠢᠯᠲᠠᠨ ᠲᠠᠷᠢᠶᠠᠴᠢᠨ ᠡᠷᠦᠬᠡ ᠶᠢ ᠲᠣᠭᠲᠠᠮᠠᠯ ᠬᠤᠭᠤᠴᠠᠭ᠎ᠠ ᠲᠠᠢ ᠪᠠᠷ | ᠰᠢᠮᠳᠠᠭᠤᠯᠵᠤ ᠪᠠᠶᠢᠭᠠᠳ ᠲᠣᠭᠲᠠᠮᠠᠯ ᠬᠤᠭᠤᠴᠠᠭ᠎ᠠ ᠲᠠᠢ ᠪᠠᠷ ᠠᠮᠠᠯᠳᠤᠭᠤᠯᠤᠨ᠂ ᠠᠮᠠᠯᠠᠯᠲᠠ ᠶᠢᠨ ᠪᠠᠷᠢᠮᠵᠢᠶ᠎ᠠ ᠳᠤ | ᠬᠥᠷᠬᠦ ᠬᠢᠷᠢ ᠲᠡᠩᠴᠡᠭᠰᠡᠨ ᠦᠨᠡᠮᠯᠡᠯ ᠢ ᠵᠢᠷᠤᠮᠵᠢᠭᠤᠯᠤᠨ ᠭᠠᠷᠭᠠᠵᠤ ᠥᠭᠭᠦᠨ᠎ᠡ᠃ ᠭᠤᠷᠪᠠ ᠳᠤ᠂ ᠡᠯ᠎ᠡ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠭᠤᠣᠯ ᠴᠣᠭᠴᠠ ᠳᠤ ᠠᠮᠤᠷ ᠲᠦᠪᠰᠢᠨ ᠢᠶᠠᠷ | ᠡᠮ ᠬᠡᠷᠡᠭᠯᠡᠬᠦ ᠶᠢ ᠵᠢᠯᠣᠭᠤᠳᠤᠨ ᠤᠬᠠᠭᠤᠯᠬᠤ ᠶᠢ ᠥᠷᠨᠢᠭᠦᠯᠦᠨ᠎ᠡ᠃ 2025 ᠣᠨ ᠤ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ | ᠡᠯ᠎ᠡ ᠵᠦᠢᠯ ᠤᠨ ᠡᠭᠦᠷᠭᠡ ᠶᠢ ᠯᠠᠪᠳᠠᠭᠤᠨ ᠪᠠᠲᠤᠲᠠᠢ ᠪᠡᠶᠡᠯᠡᠭᠦᠯᠵᠦ᠂ ᠠᠷᠠᠳ ᠣᠯᠠᠨ ᠤ ︽ᠢᠳᠡᠭᠡᠨ ᠤᠮᠳᠠᠭᠠᠨ ᠤ | ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠤᠯᠪᠣᠭᠳᠠᠯ ᠪᠦᠬᠦᠢ ᠠᠵᠢᠯᠲᠠᠳ ᠡᠷᠬᠡᠪᠰᠢ ᠭᠤᠣᠯᠳᠠᠯᠭ᠎ᠠ ᠲᠠᠢ | ᠰᠤᠭᠤᠴᠢᠨ ᠪᠠᠶᠢᠴᠠᠭᠠᠬᠤ ᠲᠦᠷᠦᠯ ᠵᠦᠢᠯ ᠢᠶᠠᠷ ᠭᠤᠣᠯᠳᠠᠯᠭ᠎ᠠ ᠲᠠᠢ ᠲᠦᠷᠦᠯ ᠵᠦᠢᠯ ᠤᠨ ᠦᠢᠯᠡᠳᠪᠦᠷᠢᠯᠡᠯ ᠤᠨ | ᠭᠤᠣᠯ ᠴᠣᠭᠴᠠ ᠶᠢ ᠰᠤᠭᠤᠴᠢᠨ ᠪᠠᠶᠢᠴᠠᠭᠠᠬᠤ ᠶᠢ ᠨᠡᠶᠢᠳᠡᠮ ᠪᠦᠷᠬᠦᠭᠦᠯᠬᠦ ᠶᠢ ᠲᠣᠳᠣᠷᠬᠠᠶᠢᠯᠠᠵᠤ᠂ 400 ᠪᠦᠯᠦᠭ | ᠤᠳᠠᠭ᠎ᠠ ᠶᠢᠨ ᠲᠦᠷᠭᠡᠨ ᠬᠡᠮᠵᠢᠬᠦ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠶᠢ ᠪᠠᠲᠤᠯᠠᠬᠤ ᠶᠢᠨ ᠬᠠᠮᠲᠤ ᠳᠡᠭᠡᠳᠦ | ᠱᠠᠲᠤᠨ ᠤ ᠰᠠᠯᠠᠭ᠎ᠠ ᠮᠥᠴᠢᠷ ᠤᠨ ᠦᠯᠢᠭᠡᠷ ᠠᠪᠬᠤ ᠠᠵᠢᠯ ᠳᠤ ᠢᠳᠡᠪᠬᠢᠲᠡᠢ ᠬᠠᠮᠵᠢᠯᠴᠠᠬᠤ ᠬᠡᠷᠡᠭᠲᠡᠢ᠃ | ᠳᠠᠷᠠᠭᠠᠴᠢ ᠶᠢᠨ ᠠᠯᠬᠤᠮ ᠳᠤ᠂ ᠤᠯᠠᠨᠪᠤᠯᠠᠭ ᠪᠠᠯᠭᠠᠰᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ | ᠲᠦᠪᠰᠢᠨ ᠤ ᠠᠵᠢᠯ ᠢ ᠨᠠᠷᠢᠨ ᠪᠣᠳᠠᠲᠠᠢ ᠠᠳᠬᠤᠵᠤ᠂ ᠤᠯᠠᠨᠪᠤᠯᠠᠭ ᠪᠠᠯᠭᠠᠰᠤᠨ ᠤ ᠲᠠᠷᠢᠶᠠᠯᠠᠩ ᠮᠠᠯ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ |