ᠲᠣᠰᠬᠤᠨ ᠤ ᠱᠠᠲᠤᠨ ᠤ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠥᠯᠥᠭᠡ᠂ | ᠣᠶᠢᠷ᠎ᠠ ᠶᠢᠨ ᠬᠤᠭᠤᠴᠠᠭᠠᠨ ᠳᠤ ᠲᠣᠭᠤᠭᠠᠨᠪᠣᠯᠠᠭ ᠪᠠᠯᠭᠠᠰᠤᠨ ᠤ ᠠᠵᠤ ᠠᠬᠤᠢ ᠶᠢᠨ ᠬᠥᠭᠵᠢᠯᠲᠡ ᠪᠠ ᠪᠦᠲᠦᠭᠡᠨ | ᠪᠠᠶᠢᠭᠤᠯᠤᠯᠲᠠ ᠶᠢᠨ ᠠᠯᠪᠠᠨ ᠭᠡᠷ ︵ᠠᠵᠤ ᠠᠬᠤᠢ︶ ᠤᠨ ᠵᠣᠬᠢᠶᠠᠨ ᠪᠠᠶᠢᠭᠤᠯᠤᠯᠲᠠ ᠶᠢᠨ ᠠᠵᠢᠯᠲᠠᠳ ᠬᠠᠷᠢᠶ᠎ᠠ | ᠣᠷᠣᠨ ᠤ ᠳᠥᠷᠪᠡᠨ ᠲᠣᠰᠬᠤᠨ ᠤ ᠲᠣᠭᠲᠠᠮᠠᠯ ᠬᠥᠷᠥᠩᠭᠡ ᠶᠢ ᠪᠥᠬᠦ ᠲᠠᠯ᠎ᠠ ᠪᠠᠷ ᠲᠤᠬᠠᠢ ᠶᠢᠨ ᠭᠠᠵᠠᠷ ᠲᠤᠨᠢ | ᠲᠣᠭᠠᠯᠠᠨ ᠪᠦᠷᠢᠳᠬᠡᠬᠦ ᠠᠵᠢᠯ ᠢ ᠥᠷᠨᠢᠭᠦᠯᠪᠡ᠃ | | | | | ᠲᠣᠰ ᠤᠳᠠᠭᠠᠨ ᠤ ᠲᠣᠭᠠᠯᠠᠨ ᠪᠦᠷᠢᠳᠬᠡᠬᠦ ᠠᠵᠢᠯ ᠢ ᠭᠤᠣᠯᠳᠠᠭᠤ ᠬᠤᠲᠠ ᠶᠢᠨ ᠠᠵᠤ ᠠᠬᠤᠢ ᠶᠢᠨ | ᠬᠠᠮᠢᠶᠠᠷᠤᠯᠲᠠ ᠶᠢᠨ ᠥᠷᠲᠡᠭᠡ ᠶᠢᠨ ᠨᠠᠷᠢᠯᠢᠭ ᠣᠨᠣᠴᠠᠲᠠᠢ ᠪᠠᠷ ᠢᠯᠭᠠᠷᠠᠭᠤᠯᠤᠨ ᠪᠠᠶᠢᠴᠠᠭᠠᠬᠤ ᠶᠠᠪᠤᠴᠠ ᠳᠤ ᠬᠠᠷᠢᠭᠤ | ᠲᠤᠰᠬᠠᠭᠰᠠᠨ ︽ᠲᠠᠩᠰᠠ ᠪᠠ ᠪᠣᠳᠠᠲᠤ ᠪᠠᠶᠢᠳᠠᠯ ᠨᠢ ᠨᠡᠶᠢᠴᠡᠬᠦ ᠦᠭᠡᠢ︾ ᠠᠰᠠᠭᠤᠳᠠᠯ ᠳᠤ ᠴᠢᠭᠯᠡᠭᠦᠯᠦᠨ | ᠶᠠᠪᠣᠭᠳᠠᠭᠤᠯᠪᠠ᠃ ᠠᠵᠢᠯᠲᠠᠳ ᠡᠯ᠎ᠡ ᠲᠣᠰᠬᠤᠨ ᠳᠤ ᠭᠦᠨᠵᠡᠭᠡᠶᠢᠷᠡᠨ᠂ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠬᠦ᠂ ᠡᠬᠡ ᠲᠠᠩᠰᠠ ᠶᠢ ᠬᠠᠷᠭᠤᠭᠤᠯᠬᠤ ᠵᠡᠷᠭᠡ ᠠᠷᠭ᠎ᠠ ᠬᠡᠯᠪᠡᠷᠢ ᠪᠠᠷ ᠡᠯ᠎ᠡ ᠲᠣᠰᠬᠤᠨ ᠤ ᠠᠯᠪᠠᠨ ᠠᠵᠢᠯ ᠤᠨ | ᠲᠥᠬᠦᠭᠡᠷᠦᠮᠵᠢ᠂ ᠲᠠᠷᠢᠶᠠᠯᠠᠩ ᠤᠨ ᠮᠠᠰᠢᠨ ᠪᠠᠭᠠᠵᠢ᠂ ᠤᠯᠠᠨ ᠨᠡᠶᠢᠲᠡ ᠶᠢᠨ ᠲᠥᠬᠦᠭᠡᠷᠦᠮᠵᠢ ᠵᠡᠷᠭᠡ ᠲᠣᠭᠲᠠᠮᠠᠯ | ᠬᠥᠷᠥᠩᠭᠡ ᠶᠢ ᠵᠦᠢᠯ ᠳᠠᠷᠠᠭᠠᠯᠠᠨ ᠲᠣᠭᠠᠯᠠᠨ ᠪᠦᠷᠢᠳᠬᠡᠪᠡ᠃ ᠲᠣᠭᠠᠯᠠᠨ ᠪᠦᠷᠢᠳᠬᠡᠬᠦ ᠶᠠᠪᠤᠴᠠ ᠳᠤ᠂ ᠠᠵᠢᠯᠲᠠᠳ ︽ | ᠲᠠᠩᠰᠠ ᠪᠠᠷ ᠪᠣᠳᠠᠰ ᠢ ᠪᠠᠶᠢᠴᠠᠭᠠᠵᠤ᠂ ᠪᠣᠳᠠᠰ ᠢᠶᠠᠷ ᠲᠠᠩᠰᠠ ᠶᠢ ᠬᠠᠷᠭᠤᠭᠤᠯᠬᠤ︾ ᠵᠠᠷᠴᠢᠮ ᠢ ᠪᠠᠷᠢᠮᠲᠠᠯᠠᠨ᠂ ᠡᠳ᠋ | ᠬᠥᠷᠥᠩᠭᠡ ᠨᠢᠭᠡᠪᠦᠷᠢ ᠶᠢᠨ ᠲᠠᠩᠰᠠ ᠪᠠ ᠪᠣᠳᠠᠲᠠᠢ ᠨᠢ ᠬᠠᠷᠢᠯᠴᠠᠨ ᠨᠡᠶᠢᠴᠡᠬᠦ᠂ ᠬᠠᠮᠢᠶᠠᠷᠤᠯᠲᠠ ᠨᠢ ᠵᠢᠷᠤᠮᠵᠢᠯ ᠲᠠᠢ | ᠪᠠᠶᠢᠬᠤ ᠶᠢ ᠦᠨᠡᠨᠬᠦ ᠪᠠᠳᠣᠯᠠᠪᠠ᠃ | ᠲᠣᠭᠠᠯᠠᠨ ᠪᠦᠷᠢᠳᠬᠡᠬᠦ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠪᠠᠯᠭᠠᠰᠤᠨ ᠤ ᠠᠵᠤ | ᠠᠬᠤᠢ ᠶᠢᠨ ᠬᠥᠭᠵᠢᠯᠲᠡ ᠪᠠ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ︵ᠠᠵᠤ ᠠᠬᠤᠢ︶ ᠠᠴᠠ ᠡᠯ᠎ᠡ | ᠭᠠᠴᠠᠭ᠎ᠠ ᠶᠢ ᠱᠠᠭᠠᠷᠳᠠᠵᠠᠢ᠄ ᠨᠢᠭᠡ ᠳᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ | ᠲᠤᠰᠬᠠᠢ ᠬᠥᠮᠥᠨ ᠵᠢᠭᠠᠨ ᠲᠣᠭᠲᠠᠭᠠᠵᠤ ᠬᠠᠷᠢᠭᠤᠴᠠᠭᠤᠯᠤᠨ ᠬᠠᠮᠢᠶᠠᠷᠤᠭᠤᠯᠤᠨ᠎ᠠ᠃ ᠬᠤᠶᠠᠷ ᠲᠤ᠂ ᠡᠳ᠋ | ᠬᠥᠷᠥᠩᠭᠡ ᠶᠢᠨ ᠡᠬᠡ ᠲᠠᠩᠰᠠ ᠶᠢ ᠴᠠᠭ ᠲᠤᠬᠠᠢ ᠳᠤᠨᠢ ᠰᠢᠨᠡᠳᠬᠡᠵᠦ᠂ ᠬᠥᠳᠡᠯᠦᠩᠭᠦᠢ ᠪᠠᠷ ᠬᠠᠮᠢᠶᠠᠷᠬᠤ ᠶᠢ | ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠡᠳ᠋ | ᠬᠥᠷᠥᠩᠭᠡ ᠶᠢᠨ ᠠᠯᠳᠠᠭᠳᠠᠵᠤ ᠭᠡᠭᠡᠭᠳᠡᠬᠦ ᠶᠢ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ᠂ ᠠᠯᠪᠠᠨ ᠭᠡᠷ ᠠᠴᠠ | ᠲᠣᠭᠲᠠᠮᠠᠯ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠪᠠᠶᠢᠴᠠᠭᠠᠯᠲᠠ ᠶᠢ ᠥᠷᠨᠢᠭᠦᠯᠵᠦ᠂ ᠴᠡᠭᠴᠡᠯᠡᠨ | ᠰᠠᠶᠢᠵᠢᠷᠠᠭᠤᠯᠬᠤ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | ᠲᠣᠰ ᠤᠳᠠᠭᠠᠨ ᠤ ᠪᠦᠷᠢᠳᠬᠡᠯ ᠢᠶᠠᠷ ᠳᠡᠮᠵᠢᠨ᠂ ᠳᠥᠷᠪᠡᠨ ᠲᠣᠰᠬᠤᠨ ᠤ ᠲᠣᠭᠲᠠᠮᠠᠯ ᠬᠥᠷᠥᠩᠭᠡ ᠶᠢᠨ ᠰᠠᠭᠤᠷᠢ | ᠲᠤᠭ᠎ᠠ ᠶᠢ ᠪᠥᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠶᠠᠪᠤᠴᠠ ᠶᠢ | ᠵᠢᠷᠤᠮᠵᠢᠭᠤᠯᠤᠨ᠂ ᠲᠠᠷᠠᠭᠠᠴᠢ ᠶᠢᠨ ᠠᠯᠬᠤᠮ ᠳᠤ ᠲᠣᠰᠬᠤᠨ ᠤ ᠱᠠᠲᠤᠨ ᠤ ᠡᠳ᠋ ᠬᠥᠷᠥᠩᠭᠡ ᠶᠢ ᠠᠮᠢᠳᠤᠯᠢᠭ ᠪᠣᠯᠭᠠᠬᠤ | ᠂ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | ᠲᠣᠭᠤᠭᠠᠨᠪᠣᠯᠠᠭ ᠪᠠᠯᠭᠠᠰᠤ ᠶᠢᠨ ᠬᠢᠨ ᠡᠨᠡ ᠤᠳᠠᠭ᠎ᠠ ᠶᠢᠨ ᠪᠦᠷᠢᠳᠬᠡᠯ ᠢᠶᠠᠷ ᠲᠣᠬᠢᠶᠠᠯ ᠪᠣᠯᠭᠠᠵᠤ᠂ ᠬᠥᠳᠡᠭᠡ | ᠲᠣᠰᠬᠤᠨ ᠤ ︽ᠪᠡᠯᠡ ᠮᠥᠩᠭᠦ ᠡᠬᠢ ᠪᠠᠶᠠᠯᠢᠭ︾ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ |