ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠡᠬᠢ ᠪᠠᠶᠠᠯᠢᠭ | ᠣᠷᠴᠢᠨ ᠲᠣᠭᠤᠷᠢᠨ ᠤ ᠲᠣᠪᠴᠢᠶ᠎ᠠ ᠠᠴᠠ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠲᠤᠬᠠᠶᠢᠯᠠᠭᠰᠠᠨ ᠠᠵᠢᠯ ᠢ | ᠭᠦᠨᠵᠡᠭᠡᠢ ᠠᠭᠤᠰᠤᠯᠴᠠᠭᠤᠯᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠦᠪᠯᠡᠷᠡᠭᠦᠯᠦᠨ ︽ | ᠰᠠᠷ᠎ᠠ ᠪᠦᠷᠢ ᠨᠢᠭᠡ ᠬᠤᠭᠤᠴᠠᠭᠠᠲᠤ ᠰᠡᠳᠬᠦᠯ︾᠂ ︽ᠰᠠᠷ᠎ᠠ ᠪᠦᠷᠢ ᠨᠢᠭᠡ ᠲᠣᠭᠤᠷᠢᠨ ᠦᠵᠡᠬᠦ︾᠂ ︽ᠰᠠᠷ᠎ᠠ ᠪᠦᠷᠢ | ᠨᠢᠭᠡ ᠬᠢᠴᠢᠶᠡᠯ ᠤᠨ ᠲᠠᠩᠬᠢᠮ︾᠂ ︽ᠰᠠᠷ᠎ᠠ ᠪᠦᠷᠢ ᠨᠢᠭᠡ ᠪᠠᠶᠢᠴᠠᠭᠠᠨ ᠰᠤᠳᠤᠯᠤᠯᠲᠠ ᠬᠢᠬᠦ︾᠂ ︽ᠰᠠᠷ᠎ᠠ ᠪᠦᠷᠢ | ᠨᠢᠭᠡ ᠲᠣᠬᠢᠷᠠᠭᠤᠯᠬᠤ︾ ᠰᠢᠷᠢᠰ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠵᠤ᠂ ︽N︾ ᠲᠦᠷᠦᠯ ᠤᠨ | ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ︽5+N︾ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ | ᠪᠦᠬᠦ ᠬᠦᠴᠦᠨ ᠢᠶᠠᠷ ᠢᠶᠠᠨ ᠡᠭᠦᠳᠴᠦ᠂ ᠨᠠᠮ ᠤᠨ ᠪᠠᠶᠢᠭᠤᠯᠤᠯᠲᠠ ᠪᠣᠯᠣᠨ ᠡᠬᠢ ᠪᠠᠶᠠᠯᠢᠭ ᠣᠷᠴᠢᠨ ᠲᠣᠭᠤᠷᠢᠨ ᠤ | ᠠᠵᠢᠯ ᠤᠨ ᠭᠦᠨᠵᠡᠭᠡᠢ ᠠᠭᠤᠰᠤᠯᠴᠠᠬᠤ᠂ ᠵᠡᠷᠭᠡᠪᠡᠷ ᠬᠥᠭᠵᠢᠬᠦ ᠶᠢ ᠭᠦᠨᠵᠡᠭᠡᠢ ᠠᠬᠢᠭᠤᠯᠪᠠ᠃ | ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠪᠠᠶᠢᠭᠤᠯᠤᠯᠲᠠ ᠶᠢ ᠴᠢᠩᠭᠠᠳᠬᠠᠨ ᠰᠡᠳᠬᠢᠯ ᠢ | ᠨᠢᠭᠲᠠᠷᠠᠭᠤᠯᠵᠤ ᠰᠦᠭ ᠰᠦᠨᠡᠰᠦ ᠶᠢ ᠱᠤᠭᠤᠵᠤ ᠴᠢᠳᠠᠪᠤᠷᠢ ᠶᠢ ᠳᠡᠭᠡᠭᠰᠢᠯᠡᠭᠦᠯᠦᠨ᠎ᠡ | ᠡᠬᠢ ᠪᠠᠶᠠᠯᠢᠭ ᠣᠷᠴᠢᠨ ᠲᠣᠭᠤᠷᠢᠨ ᠤ ᠲᠣᠪᠴᠢᠶ᠎ᠠ ᠨᠠᠮ ᠤᠨ ᠪᠠᠶᠢᠭᠤᠯᠤᠯᠲᠠ ᠪᠠᠷ ᠪᠦᠬᠦ ᠲᠠᠯ᠎ᠠ ᠪᠠᠷ ᠬᠥᠲᠥᠯᠥᠨ | ᠳᠠᠭᠠᠭᠤᠯᠬᠤ ᠶᠢ ᠪᠠᠷᠢᠮᠲᠠᠯᠠᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦᠷᠦ ᠶᠢᠨ ᠤᠬᠠᠮᠰᠠᠷ ᠪᠣᠯᠣᠨ | ᠵᠣᠭᠰᠣᠴᠠ ᠶᠢ ᠦᠷᠭᠦᠯᠵᠢᠯᠡᠨ ᠳᠡᠭᠡᠭᠰᠢᠯᠡᠭᠦᠯᠪᠡ᠃ ᠨᠠᠮ ᠤᠨ ᠭᠡᠰᠢᠭᠦᠨ ᠺᠠᠳ᠋ᠷᠴᠤᠳ ᠤᠨ ᠠᠵᠢᠯᠯᠠᠵᠤ | ᠰᠤᠷᠤᠯᠴᠠᠬᠤ ᠶᠢ ᠬᠤᠪᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ︽ᠰᠠᠷ᠎ᠠ ᠪᠦᠷᠢ ᠨᠢᠭᠡ | ᠬᠤᠭᠤᠴᠠᠭᠠᠨ ᠤ ᠰᠡᠳᠬᠦᠯ︾ ᠤᠨ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠶᠢᠨ ᠭᠠᠷ ᠳᠡᠪᠲᠡᠷ ᠢ ᠡᠮᠬᠢᠳᠬᠡᠨ | ᠨᠠᠶᠢᠷᠠᠭᠤᠯᠵᠤ᠂ ᠲᠥᠪ ᠤᠨ ᠪᠠ ᠣᠷᠣᠨ ᠨᠤᠲᠤᠭ ᠤᠨ ᠬᠠᠮᠤᠭ ᠤᠨ ᠰᠢᠨ᠎ᠡ ᠲᠦᠷᠦ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠲᠠᠢ ᠨᠢᠭᠲᠠ ᠣᠶᠠᠯᠳᠣᠭᠤᠯᠣᠨ ᠲᠦᠷᠦ ᠶᠢᠨ ᠪᠣᠳᠣᠯᠭ᠎ᠠ ᠶᠢ ᠰᠠᠷ᠎ᠠ ᠠᠴᠠ ᠬᠡᠲᠦᠷᠡᠬᠦ ᠦᠭᠡᠢ | ᠳᠠᠮᠵᠢᠭᠤᠯᠬᠤ ᠶᠢ ᠪᠠᠲᠤᠯᠠᠵᠤ᠂ ᠪᠣᠳᠠᠲᠠᠢ ᠠᠵᠢᠯ ᠤᠨ ᠳᠤᠮᠳᠠᠬᠢ ᠲᠦᠷᠦ ᠶᠢᠨ ᠪᠣᠳᠣᠯᠭ᠎ᠠ ᠶᠢᠨ ᠪᠠᠯᠠᠢ ᠴᠡᠭ ᠢ | ᠪᠦᠲᠦᠮᠵᠢᠲᠡᠢ ᠰᠢᠢᠳᠪᠦᠷᠢᠯᠡᠵᠦ᠂ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦᠷᠦ ᠶᠢᠨ ᠬᠡᠪ ᠪᠣᠯᠪᠠᠰᠤᠷᠠᠯ ᠪᠠ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠭᠡᠰᠢᠭᠦᠨ | ᠺᠠᠳ᠋ᠷᠴᠤᠳ ᠤᠨ ᠦᠵᠡᠯ ᠰᠠᠨᠠᠭᠠᠨ ᠤ ᠰᠠᠭᠤᠷᠢ ᠶᠢ ᠪᠠᠲᠤᠳᠬᠠᠬᠤ ᠶᠢᠨ ᠲᠥᠯᠥᠭᠡ᠂ ᠨᠠᠮ ᠤᠨ ᠡᠳᠦᠷ ᠤᠨ | ᠠᠵᠢᠯᠯᠠᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠬᠤᠪᠢᠰᠬᠠᠯ ᠤᠨ ᠰᠠᠭᠤᠷᠢᠨ ᠭᠠᠵᠠᠷ ᠤᠨ ︽ᠰᠠᠷ᠎ᠠ ᠪᠦᠷᠢ | ᠨᠢᠭᠡ ᠤᠳᠠᠭ᠎ᠠ ᠲᠣᠭᠤᠷᠢᠨ ᠦᠵᠡᠬᠦ︾ᠠᠵᠢᠯᠯᠠᠭ᠎ᠠ ᠶᠢ ᠵᠣᠬᠢᠶᠠᠨ ᠪᠠᠶᠢᠭᠤᠯᠤᠨ ᠨᠠᠮ ᠤᠨ ᠭᠡᠰᠢᠭᠦᠳ ᠲᠤ | ᠬᠤᠪᠢᠰᠬᠠᠯ ᠤᠨ ᠰᠣᠶᠣᠯ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠣᠯᠭᠤᠵᠤ᠂ ᠠᠵᠢᠯ ᠬᠢᠵᠦ ᠦᠢᠯᠡᠰ ᠪᠣᠰᠬᠠᠬᠤ | ᠤᠷᠮ᠎ᠠ ᠵᠣᠷᠢᠭ ᠢ ᠨᠢ ᠬᠥᠭᠵᠢᠭᠡᠪᠡ᠃ | | | | | ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠵᠤ ᠬᠡᠪ ᠴᠢᠨᠠᠷ ᠢ ᠴᠢᠩᠭᠠᠳᠬᠠᠨ ᠡᠩᠨᠡᠭᠡᠨ ᠤ ᠰᠢᠨ᠎ᠡ ᠠᠮᠢᠵᠢᠷᠠᠯ ᠤᠨ | ᠬᠦᠴᠦᠨ ᠢ ᠬᠥᠭᠵᠢᠭᠡᠬᠦ ᠬᠡᠷᠡᠭᠲᠡᠢ | ᠣᠯᠠᠨ ᠵᠦᠢᠯ ᠤᠨ ᠠᠵᠢᠯᠯᠠᠭᠠᠨ ᠤ ᠬᠡᠯᠪᠡᠷᠢ ᠪᠠᠷ ᠴᠢᠳᠠᠪᠤᠷᠢ ᠣᠯᠭᠤᠵᠤ᠂ ᠪᠣᠳᠠᠲᠤ ᠪᠠᠶᠢᠯᠳᠤᠭᠠᠨ ᠤ ᠬᠢᠷᠢ | ᠲᠦᠪᠰᠢᠨ ᠢᠶᠠᠨ ᠦᠨᠡᠨᠬᠦ ᠳᠡᠭᠡᠭᠰᠢᠯᠡᠭᠦᠯᠵᠦ᠂ ︽ᠰᠠᠷ᠎ᠠ ᠪᠦᠷᠢ ᠨᠢᠭᠡ ᠬᠢᠴᠢᠶᠡᠯ ᠤᠨ ᠲᠠᠩᠬᠢᠮ︾ ᠤᠨ ᠠᠵᠢᠯᠯᠠᠭ᠎ᠠ | ᠥᠷᠨᠢᠭᠦᠯᠬᠦ ᠪᠠᠷ ᠳᠠᠮᠵᠢᠭᠤᠯᠤᠨ᠂ ᠵᠠᠯᠠᠭᠤ ᠺᠠᠳ᠋ᠷᠴᠤᠳ ᠤᠨ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ | ᠤᠬᠠᠮᠰᠠᠷᠠᠬᠤ ᠶᠢ ᠵᠣᠷᠢᠭᠵᠢᠭᠤᠯᠵᠤ᠂ ᠤᠷᠢᠳ ᠬᠤᠵᠢᠳ ᠬᠤᠯᠪᠣᠭᠳᠠᠯ ᠪᠦᠬᠦᠢ ᠰᠠᠯᠠᠭ᠎ᠠ ᠲᠠᠰᠤᠭ ᠤᠨ | ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ᠨᠠᠮ ᠤᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠲᠠᠶᠢᠯᠤᠮᠵᠢ | ᠡᠷᠬᠢᠯᠡᠵᠦ᠂ ᠨᠠᠮ ᠤᠨ ᠰᠠᠬᠢᠯᠭ᠎ᠠ ᠨᠠᠮ ᠤᠨ ᠲᠣᠭᠲᠠᠭᠠᠯ ᠢ ᠶᠠᠷᠢᠬᠤ᠂ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠢ | ᠶᠠᠷᠢᠬᠤ᠂ ᠠᠵᠢᠯ ᠤᠨ ᠪᠣᠳᠠᠲᠤ ᠵᠢᠱᠢᠶ᠎ᠡ ᠶᠢ ᠶᠠᠷᠢᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠮ ᠤᠨ ᠭᠡᠰᠢᠭᠦᠨ | ᠺᠠᠳ᠋ᠷᠴᠤᠳ ᠤᠨ ᠴᠢᠳᠠᠪᠤᠷᠢ ᠶᠢᠨ ᠭᠡᠯᠮᠡᠭᠳᠡᠯ᠂ ᠴᠢᠳᠠᠪᠤᠷᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠮᠡᠳᠡᠯᠭᠡ ᠶᠢᠨ ᠬᠤᠭᠤᠰᠤᠨ ᠢ ᠴᠠᠭ ᠲᠤᠬᠠᠢ ᠳᠤᠨᠢ ᠲᠠᠭᠯᠠᠵᠤ᠂ ᠴᠢᠳᠠᠪᠤᠷᠢ ᠶᠢᠨ ᠳᠤᠲᠠᠭᠤᠳᠠᠯ ᠢ | ᠨᠥᠬᠦᠪᠦᠷᠢᠯᠡᠵᠦ᠂ ᠤᠨᠤᠯ ᠤᠨ ᠲᠦᠪᠰᠢᠨ ᠪᠠ ᠴᠢᠳᠠᠪᠤᠷᠢ ᠬᠡᠪ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠪᠡ᠃ | ᠬᠡᠪ ᠤᠨ ᠪᠠᠶᠢᠴᠠᠭᠠᠨ ᠰᠤᠳᠤᠯᠤᠯᠲᠠ ᠶᠢᠨ ᠰᠢᠨ᠎ᠡ ᠰᠠᠯᠬᠢᠨ ᠤ ᠬᠠᠨᠳᠤᠰᠢ ᠳᠤ ᠠᠩᠬᠠᠷᠤᠯ ᠢᠶᠠᠨ ᠲᠥᠪᠯᠡᠷᠡᠭᠦᠯᠵᠦ᠂ | ᠤᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠵᠦ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ | ᠂ ︽ᠰᠠᠷ᠎ᠠ ᠪᠦᠷᠢ ᠨᠢᠭᠡ ᠤᠳᠠᠭ᠎ᠠ ᠪᠠᠶᠢᠴᠠᠭᠠᠨ ᠰᠤᠳᠤᠯᠤᠯᠲᠠ ᠬᠢᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ | ᠬᠢᠯᠭᠡᠨ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠵᠣᠯᠭᠠᠭᠤᠯᠵᠤ᠂ ᠣᠨᠴᠠᠭᠠᠶᠢᠯᠠᠨ | ᠠᠵᠤ ᠠᠬᠤᠶᠢᠯᠠᠯ ᠤᠨ ᠲᠥᠯᠦᠪᠵᠢᠭᠦᠯᠭᠡ ᠵᠢᠷᠤᠭ ᠲᠥᠯᠥᠪᠯᠡᠭᠡ᠂ ᠭᠠᠵᠠᠷ ᠬᠡᠷᠡᠭᠯᠡᠬᠦ ᠪᠠᠲᠤᠯᠠᠭ᠎ᠠ ᠵᠡᠷᠭᠡ ᠵᠠᠩᠭᠢᠯᠠᠭ᠎ᠠ ᠶᠢᠨ | ᠭᠤᠭᠴᠤᠭ᠎ᠠ ᠶᠢᠨ ᠬᠡᠷᠡᠭᠴᠡᠭᠡ ᠱᠠᠭᠠᠷᠳᠠᠯᠭ᠎ᠠ ᠪᠣᠯᠣᠨ ᠬᠦᠴᠢᠷ ᠠᠰᠠᠭᠤᠳᠠᠯ ᠳᠤ ᠴᠢᠭᠯᠡᠭᠦᠯᠦᠨ ᠠᠵᠤ ᠠᠬᠤᠶᠢᠯᠠᠯ ᠳᠤ | ᠡᠬᠢ ᠪᠠᠶᠠᠯᠢᠭ ᠣᠷᠴᠢᠨ ᠲᠣᠭᠤᠷᠢᠨ ᠤ ᠬᠦᠴᠦᠨ ᠵᠦᠢᠯ ᠤᠨ ᠴᠢᠩᠭ᠎ᠠ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ | | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠪᠣᠭᠤᠮᠢ ᠶᠢ ᠡᠪᠳᠡᠵᠦ᠂ ︽ᠰᠠᠷ᠎ᠠ | ᠪᠦᠷᠢ ᠨᠢᠭᠡ ᠤᠳᠠᠭ᠎ᠠ ᠲᠣᠬᠢᠷᠠᠭᠤᠯᠬᠤ︾ ᠠᠵᠢᠯ ᠤᠨ ᠲᠣᠭᠲᠠᠴᠠ ᠶᠢ ᠪᠠᠶᠢᠭᠤᠯᠵᠤ᠂ ᠨᠠᠮ ᠤᠨ ᠪᠠᠶᠢᠭᠤᠯᠤᠯᠲᠠ ᠪᠠᠷ | ᠭᠠᠷᠳᠠᠴᠠ ᠪᠣᠯᠭᠠᠵᠤ᠂ ᠲᠤᠬᠠᠶᠢᠯᠠᠭᠰᠠᠨ ᠠᠵᠢᠯ ᠤᠨ ᠳᠤᠮᠳᠠᠬᠢ ᠲᠦᠭᠵᠢᠷᠡᠯ ᠲᠠᠢ ᠠᠰᠠᠭᠤᠳᠠᠯ ᠬᠦᠴᠢᠷ ᠠᠰᠠᠭᠤᠳᠠᠯ ᠢ | ᠰᠢᠢᠳᠪᠦᠷᠢᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠪᠡᠶ᠎ᠡ ᠪᠠᠷ ᠢᠶᠠᠨ ᠪᠦᠯᠬᠦᠮ ᠳᠠᠭᠠᠭᠤᠯᠤᠨ | ᠱᠠᠯᠠᠪᠳᠠᠭᠤᠯᠤᠨ ᠭᠦᠢᠴᠡᠳᠬᠡᠭᠦᠯᠬᠦ ᠳᠤ ᠦᠷᠭᠦᠯᠵᠢ ᠲᠦᠭᠵᠢᠷᠡᠯ ᠲᠠᠢ᠂ ᠬᠦᠨᠳᠦ ᠬᠦᠴᠢᠷ ᠠᠰᠠᠭᠤᠳᠠᠯ ᠲᠠᠢ ᠪᠠᠶᠢᠵᠤ᠂ | ᠠᠬᠢᠴᠠ ᠶᠢ ᠠᠩᠬᠠᠷᠣᠨ ᠪᠣᠳᠠᠲᠤ ᠦᠷ᠎ᠡ ᠪᠦᠲᠦᠮᠵᠢ ᠶᠢ ᠠᠰᠠᠭᠤᠵᠤ᠂ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ | ᠪᠠᠳᠣᠯᠠᠨ ᠠᠵᠢᠯ ᠤᠨ ᠭᠦᠢᠴᠡᠳᠬᠡᠬᠦ ᠳᠤ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠵᠦ ︽ᠰᠠᠷ᠎ᠠ ᠪᠦᠷᠢ ᠳᠤ ᠨᠢᠭᠡ | ᠤᠳᠠᠭ᠎ᠠ ᠲᠣᠬᠢᠷᠠᠭᠤᠯᠬᠤ︾ ᠠᠵᠢᠯ ᠤᠨ ᠲᠣᠭᠲᠠᠴᠠ ᠪᠠᠷ ᠳᠠᠮᠵᠢᠨ ᠡᠩᠨᠡᠭᠡ ᠶᠢᠨ ᠳᠠᠯᠳᠠ ᠴᠢᠳᠠᠪᠤᠷᠢ ᠶᠢ ᠲᠠᠰᠤᠷᠠᠯᠲᠠ | ᠦᠭᠡᠢ ᠬᠥᠭᠵᠢᠭᠡᠵᠦ᠂ ᠡᠯ᠎ᠡ ᠵᠦᠢᠯ ᠤᠨ ᠠᠵᠢᠯ ᠢᠶᠠᠨ ᠥᠨᠳᠥᠷ ᠶᠠᠰᠤ ᠴᠢᠨᠠᠷ ᠥᠨᠳᠥᠷ ᠦᠷ᠎ᠡ ᠪᠦᠲᠦᠮᠵᠢᠲᠡᠢ ᠪᠠᠷ | ᠪᠡᠶᠡᠯᠡᠭᠦᠯᠬᠦ ᠬᠡᠷᠡᠭᠲᠡᠢ᠃ | | | | ᠬᠦᠴᠦᠨ ᠢᠶᠠᠨ ᠬᠤᠷᠠᠮᠳᠤᠭᠤᠯᠤᠨ ᠴᠢᠳᠠᠪᠤᠷᠢ ᠪᠠᠨ ᠨᠡᠮᠡᠭᠳᠡᠭᠦᠯᠵᠦ ᠬᠠᠷᠢᠭᠤᠴᠠᠯᠭ᠎ᠠ ᠪᠠᠨ ᠡᠭᠦᠷᠭᠡᠯᠡᠵᠦ ᠰᠢᠨ᠎ᠡ ᠶᠢ | ᠡᠭᠦᠳᠴᠦ ᠬᠥᠳᠡᠯᠭᠡᠬᠦ ᠬᠦᠴᠦᠨ ᠢ ᠠᠭᠤᠰᠬᠠᠶᠠ | ᠭᠠᠵᠠᠷ ᠬᠡᠷᠡᠭᠯᠡᠬᠦ ᠶᠢ ᠪᠠᠲᠤᠯᠠᠬᠤ᠂ ᠥᠮᠴᠢᠯᠡᠬᠦ ᠡᠷᠬᠡ ᠶᠢᠨ ᠲᠦᠷᠦᠯ ᠵᠦᠢᠯ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ | ᠠᠵᠢᠯ ᠤᠨ ᠲᠣᠭᠤᠷᠢᠨ ᠳᠤ᠂ ᠨᠠᠮ ᠤᠨ ᠭᠡᠰᠢᠭᠦᠨ ᠤ ᠭᠤᠣᠯᠯᠠᠭᠴᠢ ᠬᠦᠴᠦᠨ ᠢ ᠵᠣᠬᠢᠶᠠᠨ ᠪᠠᠶᠢᠭᠤᠯᠵᠤ᠂ ᠴᠢᠬᠤᠯᠠ | ᠶᠡᠭᠡ ᠲᠦᠷᠦᠯ ᠵᠦᠢᠯ ᠳᠤ ᠮᠢᠩᠭᠠᠨ ᠮᠦ ᠰᠢᠬᠠᠮ ᠭᠠᠵᠠᠷ ᠬᠡᠷᠡᠭᠯᠡᠬᠦ ᠶᠢ ᠪᠠᠲᠤᠯᠠᠵᠤ᠂ 374 ᠮᠦ ᠳᠣᠣᠷ᠎ᠠ | ᠠᠰᠢᠭᠯᠠᠮᠵᠢ ᠲᠠᠢ ᠭᠠᠵᠠᠷ ᠰᠢᠷᠣᠢ ᠶᠢ ᠠᠮᠢᠯᠠᠭᠤᠯᠵᠤ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ 809 ᠮᠦ ᠭᠠᠵᠠᠷ | ᠰᠢᠷᠣᠢ ᠶᠢ ᠰᠢᠢᠳᠪᠦᠷᠢᠯᠡᠵᠦ᠂ ᠬᠠᠤᠯᠢ ᠶᠢ ᠵᠦᠷᠢᠴᠡᠭᠰᠡᠨ 74 ᠮᠦ ᠭᠠᠵᠠᠷ ᠰᠢᠷᠣᠢ ᠶᠢ ᠪᠠᠶᠢᠴᠠᠭᠠᠨ ᠰᠢᠢᠳᠪᠦᠷᠢᠯᠡᠪᠡ᠃ | | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤᠮᠳᠠ᠂ ᠨᠠᠮ ᠤᠨ ᠭᠡᠰᠢᠭᠦᠨ ᠤ | ᠬᠤᠰᠢᠭᠤᠴᠢ ᠠᠵᠢᠯ ᠤᠨ ᠪᠠᠶᠢᠷᠢ ᠶᠢ ᠪᠠᠶᠢᠭᠤᠯᠵᠤ᠂ ᠠᠵᠢᠯ ᠤᠨ ᠶᠠᠪᠤᠴᠠ ᠶᠢ ᠳᠥᠭᠦᠮᠴᠢᠯᠡᠨ᠂ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠦᠨᠡᠮᠯᠡᠯ 32 ᠳᠡᠪᠲᠡᠷ᠂ ᠪᠡᠷᠢᠴᠠᠭᠠᠨ ᠤ | ᠳᠠᠩᠰᠠᠯᠠᠯᠲᠠ ᠶᠢᠨ ᠦᠨᠡᠮᠯᠡᠯ 20 ᠬᠤᠪᠢ ᠭᠦᠢᠴᠡᠳᠬᠡᠵᠦ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ | ᠦᠯᠡᠳᠡᠭᠳᠡᠯ 2 ᠠᠰᠠᠭᠤᠳᠠᠯ ᠢ ᠰᠢᠢᠳᠪᠦᠷᠢᠯᠡᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠳᠤᠮᠳᠠ᠂ ᠡᠬᠢ ᠪᠠᠶᠠᠯᠢᠭ ᠣᠷᠴᠢᠨ | ᠲᠣᠭᠤᠷᠢᠨ ᠤ ᠲᠣᠪᠴᠢᠶ᠎ᠠ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠵᠤ᠂ | ᠨᠠᠮ ᠤᠨ ᠭᠡᠰᠢᠭᠦᠨ ᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠭᠤᠣᠯ ᠬᠦᠴᠦᠨ | ᠪᠣᠯᠭᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ | ᠳᠤᠮᠳᠠ᠂ ᠡᠮᠦᠨ᠎ᠡ ᠨᠢ ᠭᠠᠪᠰᠢᠭᠠᠶᠢᠯᠠᠨ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠪᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ᠂ ᠰᠢᠯᠢᠳᠡᠭ ᠨᠠᠮ ᠤᠨ ᠭᠡᠰᠢᠭᠦᠨ ᠤ | ᠲᠣᠰᠬᠤᠨ ᠳᠤ ᠰᠠᠭᠤᠵᠤ ᠦᠢᠯᠡᠴᠢᠯᠡᠬᠦ ᠶᠢ ᠵᠣᠬᠢᠶᠠᠨ ᠪᠠᠶᠢᠭᠤᠯᠵᠤ᠂ ᠬᠥᠳᠡᠭᠡ ᠲᠣᠰᠬᠤᠨ ᠤ ᠬᠥᠭᠵᠢᠯᠲᠡ ᠶᠢᠨ | ᠬᠡᠷᠡᠭᠴᠡᠭᠡ ᠶᠢ ᠭᠦᠨᠵᠡᠭᠡᠢ ᠣᠶᠢᠯᠠᠭᠠᠨ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠪᠠᠷ ᠭᠤᠣᠯ | ᠪᠣᠯᠭᠠᠵᠤ᠂ ᠬᠠᠳᠤᠨ ᠭᠤᠣᠯ ᠤᠨ ᠶᠡᠭᠡ ᠴᠤᠭᠯᠠᠷᠠᠯ ᠤᠨ ᠡᠷᠬᠢᠨ ᠲᠣᠭᠤᠷᠢᠨ ᠤ ᠠᠶᠢᠯ ᠲᠣᠰᠬᠤᠨ ᠤ ᠰᠤᠯᠠ ᠪᠠᠶᠢᠬᠤ | ᠭᠠᠵᠠᠷ ᠰᠢᠷᠣᠢ ᠶᠢ ᠪᠦᠲᠦᠮᠵᠢᠲᠡᠢ ᠠᠮᠢᠯᠠᠭᠤᠯᠣᠨ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠬᠦ ᠳᠤ ᠲᠠᠰᠤᠷᠠᠯᠳᠡ ᠦᠭᠡᠢ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠷᠢᠯᠡᠵᠡᠢ᠃ | ᠡᠬᠢ ᠪᠠᠶᠠᠯᠢᠭ ᠣᠷᠴᠢᠨ ᠲᠣᠭᠤᠷᠢᠨ ᠤ ᠲᠣᠪᠴᠢᠶ᠎ᠠ ᠠᠵᠢᠯ ᠤᠨ ᠰᠡᠳᠬᠢᠴᠡ ᠪᠠᠨ ᠲᠠᠰᠤᠷᠠᠯᠲᠠ ᠦᠭᠡᠢ | ᠰᠢᠨᠡᠴᠢᠯᠡᠵᠦ᠂ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠤᠨ ᠠᠭᠤᠰᠤᠯᠴᠠᠯ ᠢ ᠬᠠᠷᠢᠯᠴᠠᠨ | ᠠᠬᠢᠭᠤᠯᠬᠤ ᠠᠷᠭ᠎ᠠ ᠵᠠᠮ ᠢ ᠦᠷᠭᠦᠯᠵᠢᠯᠡᠨ ᠰᠦᠪᠡᠭᠴᠢᠯᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠡᠬᠢ | ᠪᠠᠶᠠᠯᠢᠭ ᠣᠷᠴᠢᠨ ᠲᠣᠭᠤᠷᠢᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ |