ᠠᠮᠧᠷᠢᠺᠠ ᠶᠢᠨ ᠢᠯᠢᠨᠤᠶ᠋ᠢᠰ ᠶᠡᠭᠡ ᠰᠤᠷᠭᠠᠭᠤᠯᠢ ᠶᠢᠨ ᠤᠷᠪᠠᠨ᠎ᠠ — ᠱᠠᠮᠫᠸᠢᠨ ᠬᠤᠪᠢᠶᠠᠷᠢ | ᠰᠤᠷᠭᠠᠭᠤᠯᠢ ᠶᠢᠨ ᠤᠷᠴᠢᠮ ᠤᠨ ᠨᠢᠭᠡᠨ ᠰᠢᠨ᠎ᠡ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠰᠤᠷᠬᠤ ᠨᠠᠰᠤᠨ ᠤ | ᠬᠡᠥᠬᠡᠳ ᠢᠽᠥᠹᠯᠠᠸᠥᠨ ᠠᠷᠪᠢᠨ ᠠᠭᠤᠯᠤᠭᠰᠠᠨ ᠰᠢᠷ᠎ᠠ ᠪᠤᠷᠴᠠᠭ ᠤᠨ ᠢᠳᠡᠭᠡᠨ ᠢᠳᠡᠭᠰᠡᠨ ᠤ ᠳᠠᠷᠠᠭ᠎ᠠ᠂ ᠰᠡᠳᠭᠢᠬᠦ | ᠴᠢᠳᠠᠪᠤᠷᠢ ᠪᠠ ᠠᠩᠬᠠᠷᠤᠯ ᠨᠢ ᠳᠡᠭᠡᠭᠰᠢᠯᠡᠨ᠎ᠡ ᠭᠡᠵᠡᠢ᠃ ᠢᠽᠥᠹᠯᠠᠸᠥᠨ ᠪᠣᠯ ᠡᠯ᠎ᠡ ᠵᠦᠢᠯ ᠤᠨ ᠤᠷᠭᠤᠮᠠᠯ ᠤᠨ | ᠳᠣᠲᠣᠷ᠎ᠠ ᠨᠡᠶᠢᠲᠡᠯᠢᠭ ᠤᠷᠤᠰᠢᠳᠠᠭ ᠨᠢᠭᠡᠳᠪᠦᠷᠢ ᠪᠠᠶᠢᠵᠤ᠂ ᠣᠨᠴᠠᠭᠠᠶᠢᠯᠠᠨ ᠰᠢᠷ᠎ᠠ ᠪᠤᠷᠴᠠᠭ ᠪᠣᠯᠣᠨ ᠪᠤᠷᠴᠠᠭ ᠤᠨ | ᠪᠦᠲᠦᠭᠡᠭᠳᠡᠬᠦᠨ ᠤ ᠳᠣᠲᠣᠷ᠎ᠠ ᠠᠭᠤᠯᠤᠭᠳᠠᠴᠠ ᠪᠠᠷ ᠠᠷᠪᠢᠨ ᠪᠠᠶᠢᠳᠠᠭ᠃ | ᠰᠢᠷ᠎ᠠ ᠪᠤᠷᠴᠠᠭ ᠤᠨ ᠢᠽᠥᠹᠯᠠᠸᠥᠨ ᠤ ᠳᠠᠯᠳᠠ ᠨᠢᠭᠤᠴᠠᠯᠢᠭ ᠠᠰᠢᠭ ᠲᠤᠰᠠ ᠶᠢ ᠰᠤᠳᠤᠯᠬᠤ ᠶᠢᠨ ᠲᠥᠯᠥᠭᠡ᠂ | ᠰᠤᠳᠤᠯᠭᠠᠨ ᠤ ᠪᠦᠯᠬᠦᠮ ᠤᠨ ᠬᠢᠨ ᠡᠮᠦᠨᠡᠬᠢ ᠨᠢᠭᠡ ᠰᠤᠳᠤᠯᠭᠠᠨ ᠤ ᠲᠤᠭ᠎ᠠ ᠪᠠᠷᠢᠮᠲᠠ ᠶᠢ ᠡᠷᠭᠢᠴᠡᠭᠦᠯᠪᠡ᠂ ᠲᠤᠰ | ᠰᠤᠳᠤᠯᠭᠠᠨ ᠳᠤ 7 ᠨᠠᠰᠤᠨ ᠠᠴᠠ 13 ᠨᠠᠰᠤᠨ ᠤ 128 ᠬᠡᠦᠬᠡᠳ ᠬᠤᠯᠪᠣᠭᠳᠠᠵᠠᠢ᠃ ᠡᠲᠡᠭᠡᠷ ᠬᠡᠦᠬᠡᠳ ᠤᠨ 7 | ᠡᠳᠦᠷ ᠤᠨ ᠢᠳᠡᠭᠡᠨ ᠤᠮᠳᠠᠭᠠᠨ ᠤ ᠲᠡᠮᠳᠡᠭᠯᠡᠯ ᠤᠨ ᠮᠡᠳᠡᠭᠡ ᠵᠠᠩᠭᠢ ᠶᠢ ᠦᠨᠳᠦᠰᠦᠯᠡᠵᠤ᠂ ᠢᠽᠥᠹᠯᠠᠸᠥᠨ ᠢ | ᠪᠠᠭᠲᠠᠭᠠᠭᠰᠠᠨ ᠬᠡᠦᠬᠡᠳ ᠨᠢᠭᠡᠪᠦᠷᠢ ᠶᠢᠨ ᠢᠳᠡᠭᠡᠨ ᠤᠮᠳᠠᠭᠠᠨ ᠤ ᠳᠤᠮᠳᠠᠴᠢ ᠬᠡᠮᠵᠢᠶ᠎ᠡ ᠶᠢ ᠪᠤᠳᠤᠵᠤ ᠭᠠᠷᠭᠠᠵᠠᠢ᠃ | ᠬᠡᠦᠬᠡᠳ ᠤᠨ ᠡᠩ ᠤᠨ ᠤᠶᠤᠨ ᠴᠢᠳᠠᠪᠤᠷᠢ ᠶᠢᠨ ᠬᠢᠷᠢ ᠬᠡᠮᠵᠢᠶ᠎ᠡ ᠶᠢ ᠦᠨᠡᠯᠡᠬᠦ ᠶᠢᠨ ᠲᠥᠯᠥᠭᠡ᠂ ᠪᠦᠯᠬᠦᠮ ᠤᠨ ᠬᠢᠨ | ᠨᠢᠭᠡᠨ ᠰᠢᠯᠭᠠᠯᠲᠠ ᠠᠪᠴᠦ᠂ ᠪᠠᠰᠠ ᠺᠣᠮᠫᠢᠦ᠋ᠲ᠋ᠧᠷ ᠤᠨ ᠰᠢᠯᠭᠠᠯᠲᠠ ᠪᠠᠷ ᠠᠩᠬᠠᠷᠤᠯ ᠢ ᠦᠨᠡᠯᠡᠨ ᠰᠢᠯᠭᠠᠬᠤ ᠶᠢᠨ | ᠬᠠᠮᠲᠤ ᠬᠡᠦᠬᠡᠳ ᠤᠨ ᠲᠠᠷᠢᠬᠢᠨ ᠤ ᠴᠠᠬᠢᠯᠭᠠᠨ ᠳᠣᠯᠭᠢᠶᠠᠨ ᠤ ᠠᠵᠢᠯᠯᠠᠭ᠎ᠠ ᠶᠢ ᠲᠡᠮᠳᠡᠭᠯᠡᠵᠦ᠂ ᠰᠤᠷᠠᠭ ᠵᠠᠩᠭᠢ ᠶᠢ | ᠰᠢᠢᠳᠪᠦᠷᠢᠯᠡᠬᠦ ᠬᠤᠷᠳᠤᠴᠠ ᠪᠠ ᠠᠩᠬᠠᠷᠤᠯ ᠤᠨ ᠲᠥᠪᠯᠡᠷᠡᠯ ᠤᠨ ᠬᠡᠮᠵᠢᠶ᠎ᠡ ᠶᠢ ᠬᠡᠮᠵᠢᠵᠡᠢ᠃ ᠵᠠᠳᠠᠯᠤᠯᠲᠠ ᠠᠴᠠ | ᠦᠵᠡᠪᠡᠯ᠂ ᠪᠤᠷᠴᠠᠭ ᠤᠨ ᠲᠥᠷᠥᠯ ᠤᠨ ᠢᠳᠡᠭᠡᠨ ᠢ ᠨᠠᠩ ᠠᠷᠪᠢᠨ ᠢᠳᠡᠵᠦ ᠪᠠᠶᠢᠭ᠎ᠠ ᠲᠡᠳᠡᠭᠡᠷ ᠬᠡᠦᠬᠡᠳ ᠤᠨ | ᠠᠩᠬᠠᠷᠤᠯ ᠨᠢ ᠨᠠᠩ ᠲᠦᠷᠭᠡᠨ ᠲᠤᠰᠬᠠᠯ ᠤᠨ ᠬᠤᠷᠳᠤᠴᠠ ᠪᠠ ᠰᠢᠢᠳᠪᠦᠷᠢᠯᠡᠬᠦ ᠬᠤᠷᠳᠤᠴᠠ ᠲᠠᠢ ᠶᠢ ᠢᠯᠡᠷᠡᠭᠦᠯᠵᠡᠢ᠃ | | ᠰᠤᠳᠤᠯᠭᠠᠨ ᠤ ᠠᠵᠢᠯᠲᠠᠨ ᠢᠯᠡᠷᠬᠡᠶᠢᠯᠡᠬᠦ ᠳᠡᠭᠡᠨ᠂ ᠪᠠᠷᠤᠭ 230 ᠭᠷᠡᠮ ᠤᠨ ᠪᠤᠷᠴᠠᠭ ᠤᠨ ᠵᠤᠲᠠᠩ ᠳᠤ | ᠪᠠᠷᠤᠭ 28 ᠮᠢᠯᠢᠭᠷᠡᠮ ᠢᠽᠥᠹᠯᠠᠸᠥᠨ ᠠᠭᠤᠯᠤᠭᠳᠠᠵᠤ ᠪᠠᠶᠢᠨ᠎ᠠ᠃ ᠢᠽᠥᠹᠯᠠᠸᠥᠨ ᠢ ᠰᠢᠩᠭᠡᠬᠡᠨ ᠠᠪᠬᠤ ᠬᠡᠮᠵᠢᠶ᠎ᠡ ᠶᠢ | ᠨᠡᠮᠡᠭᠳᠡᠭᠦᠯᠬᠦ ᠳᠤ ᠰᠢᠷ᠎ᠠ ᠪᠤᠷᠴᠠᠭ ᠪᠤᠶᠤ ᠪᠤᠷᠴᠠᠭ ᠤᠨ ᠵᠤᠲᠠᠩ ᠨᠢ ᠵᠦᠭᠡᠷ ᠰᠤᠩᠭᠤᠯᠲᠠ ᠪᠤᠯᠬᠤ ᠪᠦᠭᠡᠳ ᠪᠠᠰᠠ | ᠪᠤᠷᠴᠠᠭ ᠤᠨ ᠢᠰᠭᠡᠮᠡᠯ᠂ ᠳ᠋ᠧᠦᠹᠦ ᠶᠢ ᠰᠤᠩᠭᠤᠵᠤ ᠪᠤᠯᠤᠨ᠎ᠠ᠃ |