ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠬᠤᠷᠳᠣᠴᠨ ᠪᠠᠨ ᠲᠦᠷᠭᠡᠳᠭᠡᠵᠣ ᠪᠣᠢ
ᠨᠡᠶᠢᠲᠡᠯᠡᠭᠰᠡᠨ ᠴᠠᠭ᠄
2025/4/29
    ᠦᠨᠡᠨ ᠪᠣᠳᠠᠲᠠᠢ ᠠᠵᠢᠯᠯᠠᠵᠤ ᠬᠠᠪᠤᠷ ᠡᠷᠲᠡ ᠶᠢ ᠲᠡᠮᠡᠴᠡᠨ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠠᠭᠠᠷᠠᠯᠲᠠᠢ᠃ ᠨᠢᠭᠡᠳᠦᠭᠡᠷ ᠤᠯᠠᠷᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠲᠦᠷᠦᠯ ᠵᠦᠢᠯ ᠢᠶᠠᠷ ᠭᠤᠣᠯ ᠪᠣᠯᠭᠠᠬᠤ︾ ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠬᠤᠪᠣᠷ ᠰᠢᠷᠣᠢ ᠶᠢᠨ ᠰᠣᠷᠢᠨᠵᠢᠨ ᠮᠠᠲ᠋ᠧᠷᠢᠶᠠᠯ ᠤᠨ ᠤᠯᠠᠨ ᠠᠵᠢᠯ ᠲᠦᠷᠦᠯ ᠤᠨ ︽ᠲᠦᠷᠦᠭᠦᠦ ᠪᠦᠯᠦᠭ ᠤᠳᠠᠭ᠎ᠠ︾ ᠶᠢᠨ ᠲᠦᠷᠦᠯ ᠵᠦᠢᠯ᠂ ᠴᠠᠬᠢᠯᠭᠠᠨ ᠮᠠᠰᠢᠨ ᠢ ᠨᠠᠷᠢᠨ ᠬᠤᠪᠢᠶᠠᠷᠢᠯᠠᠬᠤ ᠵᠠᠬ᠎ᠠ ᠳᠡᠯᠭᠡᠭᠦᠷ ᠤᠨ ︽ᠲᠡᠷᠢᠭᠦᠨ ᠤ ᠤᠳᠠᠭ᠎ᠠ︾ ᠶᠢᠨ ᠲᠦᠷᠦᠯ ᠵᠦᠢᠯ ᠢ ᠬᠤᠶᠢᠨ᠎ᠠ ᠬᠤᠶᠢᠨ᠎ᠠ ᠠᠴᠠ ᠪᠠᠨ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠪᠠᠴᠢᠮ ᠶᠠᠭᠠᠷᠠᠯᠲᠠᠢ ᠪᠠᠷᠢᠯᠭ᠎ᠠ ᠡᠬᠢᠯᠡᠭᠦᠯᠵᠦ᠂ ︽ᠬᠤᠶᠠᠷ ᠬᠤᠪᠣᠷ ᠰᠢᠷᠣᠢ ᠶᠢᠨ ᠰᠠᠭᠤᠷᠢᠨ︾ ᠨᠢ  ︽ᠲᠥᠯᠦᠪᠵᠢᠭᠦᠯᠭᠡ ᠶᠢᠨ ᠵᠢᠷᠤᠭ︾ ᠪᠠᠶᠢᠭᠰᠠᠨ ᠠᠴᠠ ᠪᠠᠨ ︽ᠪᠠᠷᠢᠯᠭ᠎ᠠ ᠶᠢᠨ ᠵᠢᠷᠤᠭ ︾ ᠪᠣᠯᠣᠨ ︽ᠪᠣᠳᠠᠲᠤ ᠦᠵᠡᠮᠵᠢ ᠶᠢᠨ ᠵᠢᠷᠤᠭ︾ ᠪᠣᠯᠭᠠᠨ ᠬᠤᠪᠢᠷᠠᠭᠤᠯᠬᠤ ᠶᠢ ᠲᠦᠷᠭᠡᠳᠬᠡᠪᠡ᠃    ᠡᠨᠡ ᠵᠢᠯ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ 80 ᠬᠡᠷᠡᠭᠵᠢᠭᠦᠯᠦᠨ᠎ᠡ᠃ ᠲᠥᠷᠥᠯ ᠵᠦᠢᠯ ᠤᠨ ᠴᠠᠭ ᠢᠶᠠᠷ ᠬᠤᠪᠢᠶᠠᠪᠠᠯ᠂ 54 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ 67.5% ᠶᠢ ᠡᠵᠡᠯᠡᠨ᠎ᠡ᠃ ᠲᠥᠷᠥᠯ ᠵᠦᠢᠯ ᠤᠨ ᠰᠢᠨᠵᠢ ᠴᠢᠨᠠᠷ ᠤᠨ ᠲᠥᠷᠥᠯ ᠢᠯᠭᠠᠯ ᠢᠶᠠᠷ ᠬᠤᠪᠢᠶᠠᠪᠠᠯ᠂ ᠠᠵᠤ ᠦᠢᠯᠡᠰ ᠤᠨ ᠲᠥᠷᠥᠯ ᠤᠨ ᠲᠥᠷᠥᠯ ᠵᠦᠢᠯ 67 ᠪᠠᠶᠢᠵᠤ᠂ ᠡᠵᠡᠯᠡᠬᠦ ᠬᠠᠷᠢᠴᠠᠯ ᠨᠢ 83.8%᠂ ᠬᠤᠪᠣᠷ ᠰᠢᠷᠣᠢ ᠶᠢᠨ ᠲᠥᠷᠥᠯ ᠤᠨ ᠲᠥᠷᠥᠯ ᠵᠦᠢᠯ 40 ᠪᠠᠶᠢᠵᠤ᠂ ᠡᠵᠡᠯᠡᠬᠦ ᠬᠠᠷᠢᠴᠠᠯ ᠨᠢ 50% ᠪᠣᠯᠣᠨ᠎ᠠ᠃ 4 ᠰᠠᠷ᠎ᠠ ᠶᠢᠨ 20  ᠤ ᠡᠳᠦᠷ ᠪᠣᠯᠲᠠᠯ᠎ᠠ᠂ ᠪᠦᠬᠦ ᠲᠦᠷᠦᠯ ᠵᠦᠢᠯ ᠤᠨ ᠠᠵᠢᠯ ᠢ 72 ᠡᠬᠢᠯᠡᠭᠦᠯᠦᠨ ᠰᠡᠷᠭᠦᠭᠡᠵᠦ᠂ ᠠᠵᠢᠯ ᠢ ᠡᠬᠢᠯᠡᠭᠦᠯᠦᠭᠰᠡᠨ ᠨᠤᠷᠮ᠎ᠠ ᠶᠢᠨ 90% ᠢ ᠡᠵᠡᠯᠡᠬᠦ ᠪᠣᠯᠣᠨ᠎ᠠ᠃     ᠶᠠᠫᠤᠨ ᠤ ᠹᠠᠰ ᠤᠨ ᠬᠢᠮᠢ ᠶᠢᠨ ᠲᠡᠮᠦᠷᠯᠢᠭ ᠤᠨ ᠬᠤᠪᠢᠴᠠᠭᠠᠳᠤ ᠺᠣᠮᠫᠠᠨᠢ  ᠵᠢᠯ ᠳᠤ 5000 ᠲᠣᠨ ᠴᠠᠬᠢᠯᠭᠠᠨ ᠮᠠᠰᠢᠨ ᠤ ᠰᠣᠷᠢᠨᠵᠢᠨ ᠲᠣᠨᠤᠭ ᠢ ᠦᠢᠯᠡᠳᠪᠦᠷᠢᠯᠡᠬᠦ ᠲᠦᠷᠦᠯ ᠵᠦᠢᠯ
   ᠶᠠᠫᠤᠨ ᠤ ᠹᠠᠰ ᠤᠨ ᠬᠡᠪ ᠤᠨ ᠬᠢᠮᠢ ᠶᠢᠨ ᠲᠡᠮᠦᠷᠯᠢᠭ ᠤᠨ ᠬᠤᠪᠢᠴᠠᠭᠠᠳᠤ ᠺᠣᠮᠫᠠᠨᠢ ᠶᠢᠨ ᠵᠢᠯ ᠳᠤ 5000 ᠲᠣᠨ ᠴᠠᠬᠢᠯᠭᠠᠨ ᠮᠠᠰᠢᠨ ᠤ ᠰᠣᠷᠢᠨᠵᠢᠨ ᠲᠣᠨᠣᠭᠯᠠᠯ ᠤᠨ ᠲᠦᠷᠦᠯ ᠵᠦᠢᠯ ᠢ ᠦᠢᠯᠡᠳᠪᠦᠷᠢᠯᠡᠨ᠎ᠡ᠃    ᠪᠡᠯᠡ ᠣᠷᠣᠭᠤᠯᠤᠯᠲᠠ ᠶᠢᠨ ᠬᠡᠪᠴᠢᠶ᠎ᠡ᠄ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1.6 ᠳ᠋ᠦᠩᠰᠢᠭᠤᠷ ᠲᠥᠭᠦᠷᠢᠭ ᠪᠠᠶᠢᠵᠤ᠂ 60 ᠮᠦ ᠭᠠᠵᠠᠷ ᠡᠵᠡᠯᠡᠨ᠂ ᠵᠢᠯ ᠳᠤ 5000 ᠲᠣᠨ ᠥᠨᠳᠥᠷ ᠴᠢᠳᠠᠮᠵᠢᠲᠤ ᠨᠧᠦᠳᠢᠮ ᠲᠡᠮᠦᠷ ᠪᠤᠷ ᠤᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠰᠣᠷᠢᠨᠵᠢᠨ ᠲᠣᠨᠣᠭᠯᠠᠯ ᠤᠨ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠤᠨ ᠪᠤᠭᠤᠲᠤ ᠬᠤᠲᠠ ᠶᠢᠨ ᠭᠠᠳᠠᠭᠠᠳᠤ ᠪᠡᠯᠡ ᠶᠢᠨ ᠪᠡᠯᠡ ᠣᠷᠣᠭᠤᠯᠤᠯᠲᠠ ᠶᠢᠨ ᠰᠣᠷᠢᠨᠵᠢᠨ ᠮᠠᠲ᠋ᠧᠷᠢᠶᠠᠯ ᠤᠨ ᠬᠦᠷᠢᠶ᠎ᠡ ᠴᠠᠷᠠᠭ᠎ᠠ ᠶᠢ ᠪᠦᠲᠦᠭᠡᠨ ᠪᠠᠶᠢᠭᠤᠯᠬᠤ ᠶᠢᠨ ᠪᠡᠯᠭᠡ ᠲᠡᠮᠳᠡᠭ ᠤᠨ ᠴᠢᠨᠠᠷᠲᠠᠢ ᠲᠥᠷᠥᠯ ᠵᠦᠢᠯ ᠪᠣᠯᠣᠨ᠎ᠠ᠃    ᠦᠢᠯᠡᠳᠬᠦᠨ ᠤ ᠲᠡᠷᠢᠭᠦᠨ ᠤ ᠴᠢᠨᠠᠷ᠄ ᠶᠠᠫᠤᠨ ᠤ ᠹᠠᠰ ᠤᠨ ᠬᠢᠮᠢ ᠶᠢᠨ ᠲᠡᠮᠦᠷᠯᠢᠭ ᠤᠨ ᠬᠤᠪᠢᠴᠠᠭᠠᠳᠤ ᠺᠣᠮᠫᠠᠨᠢ ᠪᠣᠯ ᠶᠠᠫᠤᠨ ᠤ ᠭᠤᠷᠪᠠᠳᠤᠭᠠᠷ ᠲᠣᠮᠣ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠯ ᠪᠠ ᠪᠣᠷᠤᠯᠠᠭᠤᠯᠭ᠎ᠠ ᠶᠢᠨ ᠬᠤᠳᠠᠯᠳᠤᠭᠠᠴᠢᠨ ᠪᠣᠯᠣᠨ᠎ᠠ᠂ ᠳᠡᠯᠡᠬᠡᠢ ᠶᠢᠨ ᠲᠡᠷᠢᠭᠦᠨ ᠤ ᠰᠣᠷᠢᠨᠵᠢᠨ ᠮᠠᠲ᠋ᠧᠷᠢᠶᠠᠯ ᠢ ᠦᠢᠯᠡᠳᠪᠦᠷᠢᠯᠡᠨ ᠪᠣᠯᠪᠠᠰᠤᠷᠠᠭᠤᠯᠬᠤ ᠮᠡᠷᠭᠡᠵᠢᠯ ᠵᠢᠴᠢ ᠪᠣᠷᠤᠯᠠᠭᠤᠯᠭ᠎ᠠ ᠶᠢᠨ ᠠᠷᠭ᠎ᠠ ᠵᠠᠮ ᠲᠠᠢ᠂ ᠬᠠᠮᠤᠭ ᠤᠨ ᠡᠷᠲᠡ ᠳᠤᠮᠳᠠᠳᠤ ᠤᠯᠤᠰ ᠤᠨ ᠰᠣᠷᠢᠨᠵᠢᠨ ᠮᠠᠲ᠋ᠧᠷᠢᠶᠠᠯ ᠤᠨ ᠬᠦᠷᠢᠶᠡᠨ ᠳᠤ ᠪᠡᠯᠡ ᠣᠷᠣᠭᠤᠯᠤᠭᠰᠠᠨ ᠬᠡᠮᠵᠢᠶ᠎ᠡ ᠪᠠᠷ ᠬᠠᠮᠤᠭ ᠤᠨ ᠶᠡᠭᠡ᠂ ᠤᠯᠤᠰ ᠤᠨ ᠳᠣᠲᠣᠭᠠᠳᠤ ᠳᠤ ᠬᠠᠮᠤᠭ ᠤᠨ ᠡᠷᠲᠡ ᠨᠧᠦᠳᠢᠮ ᠲᠡᠮᠦᠷ ᠪᠤᠷ ᠤᠨ ᠬᠡᠢ ᠶᠢᠨ ᠤᠷᠤᠰᠬᠠᠯ ᠤᠨ ᠲᠡᠭᠡᠷᠮ᠎ᠡ ᠪᠠᠷ ᠨᠤᠨᠳᠠᠭ ᠬᠢᠬᠦ ᠤᠷᠠᠯᠠᠯ ᠪᠠ ᠨᠧᠦᠳᠢᠮ ᠲᠡᠮᠦᠷ ᠪᠤᠷ ᠤᠨ ᠴᠠᠬᠢᠯᠭᠠᠨ ᠥᠩᠭᠡᠯᠡᠯᠲᠡ ᠶᠢᠨ ᠮᠡᠷᠭᠡᠵᠢᠯ ᠢ ᠣᠷᠣᠭᠤᠯᠤᠭᠰᠠᠨ ᠭᠠᠳᠠᠭᠠᠳᠤ ᠪᠡᠯᠡ ᠶᠢᠨ ᠠᠵᠤ ᠠᠬᠤᠶᠢᠯᠠᠯ ᠪᠣᠯᠣᠨ᠎ᠠ᠃    ᠮᠠᠨ ᠤ ᠬᠤᠲᠠ ᠳᠤ ᠪᠡᠯᠡ ᠣᠷᠣᠭᠤᠯᠬᠤ ᠲᠥᠷᠥᠯ ᠵᠦᠢᠯ ᠤᠨ ᠦᠢᠯᠡᠳᠬᠦᠨ ᠤ ᠭᠤᠣᠯᠯᠠᠬᠤ ᠳᠠᠪᠠᠭᠤᠯᠢᠭ ᠪᠣᠯ᠄ ᠥᠪᠡᠷ ᠤᠨ ᠥᠷᠲᠡᠭ ᠢᠶᠠᠷ ᠳᠣᠣᠷ᠎ᠠ ᠪᠣᠯᠭᠠᠬᠤ᠂ ᠲᠠᠯᠠᠰᠲᠤ ᠶᠢᠨ ᠮᠥᠬᠦᠯᠢᠭ ᠢ ᠨᠠᠷᠢᠯᠢᠭᠵᠢᠭᠤᠯᠬᠤ ᠪᠠ ᠲᠠᠯᠠᠰᠲᠤ ᠶᠢᠨ ᠵᠠᠭᠠᠭ ᠢ ᠥᠷᠭᠡᠳᠬᠡᠬᠦ ᠵᠢᠴᠢ GZTC ᠲᠠᠯᠠᠰᠲᠤ ᠶᠢᠨ ᠵᠠᠭᠠᠭ ᠢ ᠳᠠᠬᠢᠨ ᠴᠣᠭᠴᠠᠯᠠᠬᠤ ᠵᠡᠷᠭᠡ ᠤᠷᠠᠯᠠᠯ ᠪᠠ ᠮᠡᠷᠭᠡᠵᠢᠯ ᠢ ᠬᠡᠷᠡᠭᠯᠡᠨ ᠬᠦᠨᠳᠦ ᠬᠤᠪᠣᠷ ᠰᠢᠷᠣᠢ ᠦᠭᠡᠢ ᠪᠤᠶᠤ ᠬᠦᠨᠳᠦ ᠬᠤᠪᠣᠷ ᠰᠢᠷᠣᠢ ᠶᠢᠨ ᠬᠡᠷᠡᠭᠯᠡᠬᠦ ᠬᠡᠮᠵᠢᠶ᠎ᠡ ᠶᠢ ᠶᠡᠭᠡ ᠪᠠᠷ ᠪᠠᠭᠤᠷᠠᠭᠤᠯᠬᠤ ᠶᠢ ᠪᠡᠶᠡᠯᠡᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠮᠠᠰᠢᠨ ᠪᠠ ᠪᠢᠴᠢᠯ ᠴᠠᠬᠢᠯᠭᠠᠨ ᠮᠠᠰᠢᠨ ᠤ ᠬᠥᠩᠭᠡᠨ ᠬᠡᠮᠵᠢᠶᠡᠵᠢᠭᠦᠯᠬᠦ ᠪᠠ ᠥᠪᠡᠷ ᠤᠨ ᠥᠷᠲᠡᠭ ᠢ ᠡᠵᠡᠮᠳᠡᠬᠦ ᠬᠡᠷᠡᠭᠴᠡᠭᠡ ᠳᠤ ᠲᠣᠬᠢᠷᠠᠭᠤᠯᠤᠨ᠎ᠠ᠃ ᠥᠨᠳᠥᠷ ᠰᠣᠷᠢᠨᠵᠢᠨ ᠡᠨᠧᠷᠭᠢ ᠶᠢᠨ ᠦᠷᠡᠵᠢᠪᠦᠷᠢ᠂ ᠮᠢᠺᠷᠦᠮᠧᠲᠷ ᠲᠠᠯᠠᠰᠲᠤ ᠶᠢᠨ ᠨᠡᠶᠢᠯᠡᠮᠡᠯ ᠰᠣᠷᠢᠨᠵᠢᠨ ᠨᠤᠨᠳᠠᠭ ᠨᠢ ᠰᠣᠷᠢᠨᠵᠢᠨ ᠡᠨᠧᠷᠭᠢ ᠶᠢᠨ ᠦᠷᠡᠵᠢᠪᠦᠷᠢ ᠪᠣᠯᠣᠨ ᠵᠠᠯᠠᠷᠠᠭᠤᠯᠭ᠎ᠠ ᠶᠢᠨ ᠬᠦᠴᠦᠨ ᠢ ᠳᠡᠭᠡᠭᠰᠢᠯᠡᠭᠦᠯᠵᠦ᠂ ᠪᠥᠭᠡᠮ ᠢᠶᠠᠷ ᠦᠢᠯᠡᠳᠪᠦᠷᠢᠯᠡᠬᠦ ᠪᠠ ᠮᠡᠷᠭᠡᠵᠢᠯ ᠤᠨ ᠨᠥᠭᠡᠴᠡ ᠨᠢ N58+᠂56M᠂56H᠂54SH᠂52UH ᠵᠡᠷᠭᠡ ᠳᠡᠭᠡᠳᠦ ᠲᠡᠰ ᠤᠨ ᠨᠧᠦᠳᠢᠮ ᠲᠡᠮᠦᠷ ᠪᠤᠷ ᠪᠠᠶᠢᠵᠤ᠂ ᠬᠥᠮᠥᠨ ᠤ ᠳᠦᠷᠰᠦᠲᠦ ᠮᠠᠰᠢᠨ ᠬᠥᠮᠥᠨ ᠤ ᠦᠶ᠎ᠡ ᠶᠢᠨ ᠴᠠᠬᠢᠯᠭᠠᠨ ᠮᠠᠰᠢᠨ ᠵᠡᠷᠭᠡ ᠳᠡᠭᠡᠳᠦ ᠲᠡᠰ ᠤᠨ ᠦᠵᠡᠭᠳᠡᠯ ᠳᠤ ᠥᠷᠭᠡᠨ ᠢᠶᠠᠷ ᠬᠡᠷᠡᠭᠯᠡᠭᠳᠡᠵᠦ ᠪᠤᠢ᠃ ᠢᠳᠡᠭᠳᠡᠯ ᠳᠤ ᠳᠠᠭᠠᠭᠠᠮᠠᠭᠠᠢ ᠴᠢᠨᠠᠷ ᠲᠤ᠂ ᠠᠯᠮᠠᠰ ᠤᠨ ᠲᠦᠷᠬᠢᠮᠡᠯ ᠳᠠᠪᠬᠤᠷᠭ᠎ᠠ ᠶᠢᠨ ᠮᠡᠷᠭᠡᠵᠢᠯ ᠢᠶᠠᠷ ᠳᠠᠪᠤᠰᠤᠨ ᠮᠠᠨᠠᠨ ᠤ ᠬᠡᠮᠵᠢᠯᠲᠡ ᠶᠢ ᠠᠵᠢᠯ ᠲᠥᠷᠥᠯ ᠤᠨ ᠳᠤᠮᠳᠠᠴᠢ ᠬᠢᠷᠢ ᠲᠦᠪᠰᠢᠨ ᠠᠴᠠ 50% ᠠᠴᠠ ᠳᠡᠭᠡᠭᠰᠢ ᠪᠠᠶᠢᠯᠭᠠᠵᠤ᠂ ᠲᠡᠯᠡᠶ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠵᠡᠷᠭᠡ ᠬᠠᠲᠠᠭᠤ ᠴᠢᠩᠭ᠎ᠠ ᠣᠷᠴᠢᠨ ᠲᠣᠭᠤᠷᠢᠨ ᠳᠤ ᠢᠯᠡᠳᠲᠡ ᠳᠠᠪᠠᠭᠤᠯᠢᠭ ᠲᠠᠯ᠎ᠠ ᠲᠠᠢ ᠪᠠᠶᠢᠳᠠᠭ᠃ ᠦᠢᠯᠡᠳᠬᠦᠨ ᠢ ᠨᠢ ᠰᠦᠩ ᠰᠢᠶᠠ᠂  ᠪᠧᠨ ᠲᠢᠶᠠᠨ ᠵᠡᠷᠭᠡ ᠵᠣᠴᠢᠨ ᠡᠷᠦᠬᠡ ᠳᠤ ᠬᠡᠷᠡᠭᠯᠡᠭᠦᠯᠦᠨ᠎ᠡ᠃    ᠠᠵᠤ ᠠᠬᠤᠢ ᠶᠢᠨ ᠦᠷ᠎ᠡ ᠠᠰᠢᠭ᠄ ᠲᠥᠷᠥᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠢᠯ ᠤᠨ ᠦᠢᠯᠡᠳᠬᠦᠨ ᠤ ᠥᠷᠲᠡᠭ ᠢ 3.2 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃   ᠳᠦᠷᠢ ᠲᠥᠷᠬᠦ ᠶᠢᠨ ᠠᠬᠢᠴᠠ᠄ ᠲᠥᠷᠥᠯ ᠵᠦᠢᠯ ᠢ 2025 ᠣᠨ ᠤ 2 ᠰᠠᠷ᠎ᠠ ᠶᠢᠨ 15 ᠤ ᠡᠳᠦᠷ ᠠᠴᠠ ᠡᠬᠢᠯᠡᠨ ᠪᠠᠶᠢᠭᠤᠯᠵᠤ᠂ ᠣᠳᠣᠬᠠᠨ ᠳᠤ ᠨᠢᠭᠡᠨᠲᠡ ᠦᠢᠯᠡᠳᠪᠦᠷᠢ ᠶᠢᠨ ᠪᠠᠶᠢᠰᠢᠩ ᠤᠨ ᠪᠣᠯᠣᠳ ᠪᠦᠲᠦᠴᠡ ᠶᠢᠨ ᠭᠤᠣᠯ ᠴᠣᠭᠴᠠ ᠶᠢᠨ ᠪᠣᠷᠣ ᠲᠥᠯᠥᠪ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠵᠤ᠂ ᠶᠠᠭ ᠦᠢᠯᠡᠳᠪᠦᠷᠢ ᠶᠢᠨ ᠪᠠᠶᠢᠰᠢᠩ ᠤᠨ ᠥᠩᠭᠡᠲᠦ ᠬᠠᠪᠲᠠᠰᠤ ᠵᠢᠴᠢ ᠳᠣᠲᠣᠭᠠᠳᠤ ᠶᠢᠨ ᠪᠠᠷᠢᠯᠭ᠎ᠠ ᠶᠢᠨ ᠠᠵᠢᠯ ᠢ ᠬᠢᠵᠦ ᠪᠠᠶᠢᠨ᠎ᠠ᠂ ᠵᠢᠱᠢᠯᠲᠡ ᠪᠠᠷ 2025 ᠣᠨ ᠤ 6 ᠰᠠᠷ᠎ᠠ ᠳᠤ ᠠᠰᠢᠭᠯᠠᠯᠲᠠ ᠳᠤ ᠣᠷᠣᠭᠤᠯᠵᠤ᠂ ᠬᠠᠭᠠᠰ ᠵᠢᠯ ᠤᠨ ᠳᠣᠲᠣᠷ᠎ᠠ ᠪᠠᠷᠢᠯᠭ᠎ᠠ ᠡᠬᠢᠯᠡᠭᠦᠯᠵᠦ᠂ ᠪᠠᠷᠢᠯᠭ᠎ᠠ ᠳᠠᠭᠤᠰᠬᠠᠵᠤ᠂ ᠠᠰᠢᠭᠯᠠᠯᠲᠠ ᠳᠤ ᠣᠷᠣᠭᠤᠯᠤᠨ᠎ᠠ᠃ ᠴᠧᠩᠳᠦ᠋ ᠶᠢᠨ ᠲᠧ ᠯᠦᠩ ᠮᠧᠶ ᠡᠨᠧᠷᠭᠢ ᠬᠠᠳᠠᠭᠠᠯᠠᠬᠤ ᠮᠡᠷᠭᠡᠵᠢᠯ ᠤᠨ ᠬᠢᠵᠠᠭᠠᠷᠲᠤ ᠺᠣᠮᠫᠠᠨᠢ ᠵᠢᠯ ᠳᠤ  2.5GW ᠡᠨᠧᠷᠭᠢ ᠬᠠᠳᠠᠭᠠᠯᠠᠬᠤ ᠭᠦᠶᠦᠳᠡᠯ ᠥᠭᠡᠷᠡᠴᠢᠯᠡᠭᠴᠢ ᠶᠢᠨ ᠲᠥᠷᠥᠯ ᠵᠦᠢᠯ ᠦᠢᠯᠡᠳᠪᠦᠷᠢᠯᠡᠬᠦ
     ᠴᠧᠩᠳᠦ᠋ ᠶᠢᠨ ᠲᠧ ᠯᠦᠩ ᠮᠧᠶ ᠡᠨᠧᠷᠭᠢ ᠬᠠᠳᠠᠭᠠᠯᠠᠬᠤ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 2.5 GW ᠡᠨᠧᠷᠭᠢ ᠬᠠᠳᠠᠭᠠᠯᠠᠬᠤ ᠭᠦᠶᠦᠳᠡᠯ ᠥᠭᠡᠷᠡᠴᠢᠯᠡᠭᠴᠢ ᠶᠢᠨ ᠲᠥᠷᠥᠯ ᠵᠦᠢᠯ ᠢ ᠦᠢᠯᠡᠳᠪᠦᠷᠢᠯᠡᠨ᠎ᠡ᠃    ᠪᠡᠯᠡ ᠣᠷᠣᠭᠤᠯᠤᠯᠲᠠ ᠶᠢᠨ ᠬᠡᠪᠴᠢᠶ᠎ᠡ᠄ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 12 ᠳ᠋ᠦᠩᠰᠢᠭᠤᠷ ᠲᠥᠭᠦᠷᠢᠭ᠂ ᠨᠢᠭᠡᠳᠦᠭᠡᠷ ᠬᠤᠭᠤᠴᠠᠭᠠᠨ ᠤ ᠪᠡᠯᠡ ᠣᠷᠣᠭᠤᠯᠤᠯᠲᠠ 7 ᠳ᠋ᠦᠩᠰᠢᠭᠤᠷ ᠲᠥᠭᠦᠷᠢᠭ ᠪᠠᠶᠢᠵᠤ᠂ 2.5 GW ᠶᠢᠨ ᠡᠨᠧᠷᠭᠢ ᠬᠠᠳᠠᠭᠠᠯᠠᠬᠤ ᠭᠦᠶᠦᠳᠡᠯ ᠥᠭᠡᠷᠡᠴᠢᠯᠡᠭᠴᠢ ᠵᠢᠴᠢ 5GWH ᠶᠢᠨ ᠡᠨᠧᠷᠭᠢ ᠬᠠᠳᠠᠭᠠᠯᠠᠬᠤ ᠰᠢᠰᠲ᠋ᠧᠮ ᠤᠨ ᠦᠢᠯᠡᠳᠪᠦᠷᠢᠯᠡᠯ ᠤᠨ ᠱᠤᠭᠤᠮ ᠢ ᠪᠦᠲᠦᠭᠡᠨ ᠪᠠᠶᠢᠭᠤᠯᠤᠨ᠎ᠠ︔ ᠬᠤᠶᠠᠳᠤᠭᠠᠷ ᠬᠤᠭᠤᠴᠠᠭᠠᠨ ᠳᠤ 5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠳ᠋ᠢᠶᠠᠨ ᡂᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠦᠢᠯᠡᠳᠪᠦᠷᠢᠯᠡᠯ ᠤᠨ ᠱᠤᠭᠤᠮ ᠪᠠ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠢ ᠪᠦᠲᠦᠭᠡᠨ ᠪᠠᠶᠢᠭᠤᠯᠤᠨ᠎ᠠ᠃    ᠦᠢᠯᠡᠳᠬᠦᠨ ᠤ ᠲᠡᠷᠢᠭᠦᠨ ᠤ ᠴᠢᠨᠠᠷ᠄ ᠴᠧᠩᠳᠦ᠋ ᠶᠢᠨ ᠲᠧ ᠯᠦᠩ ᠮᠧᠶ ᠪᠣᠯ ᠤᠯᠤᠰ ᠤᠨ ᠳᠣᠲᠣᠭᠠᠳᠤ ᠶᠢᠨ ᠡᠨᠧᠷᠭᠢ ᠬᠠᠳᠠᠭᠠᠯᠠᠬᠤ ᠠᠵᠢᠯ ᠲᠦᠷᠦᠯ ᠤᠨ ᠲᠦᠷᠦᠭᠦᠦ 10 ᠬᠦᠴᠦᠷᠬᠡᠭ᠂ ᠡᠨᠧᠷᠭᠢ ᠬᠠᠳᠠᠭᠠᠯᠠᠬᠤ ᠦᠢᠯᠡᠳᠬᠦᠨ ᠨᠢ ᠪᠦᠬᠦ ᠠᠵᠢᠯ ᠲᠦᠷᠦᠯ ᠤᠨ 95% ᠠᠴᠠ ᠳᠡᠭᠡᠭᠰᠢᠬᠢ ᠶᠢ ᠪᠦᠷᠬᠦᠵᠦ᠂ 158 ᠡᠭᠦᠳᠦᠯᠲᠡ ᠶᠢᠨ ᠲᠤᠰᠬᠠᠢ ᠠᠰᠢᠭ ᠤᠨ ᠡᠷᠬᠡ ᠲᠠᠢ᠂ ᠡᠭᠦᠨ ᠳᠤ ᠮᠢᠯᠢᠰᠥᠺᠦ᠋ᠨᠳ᠋ ᠲᠡᠰ ᠤᠨ ᠪᠥᠭᠡᠳ ᠰᠦᠯᠵᠢᠶᠡᠨ ᠠᠴᠠ ᠲᠦᠷᠭᠡᠨ ᠰᠣᠯᠢᠬᠤ ᠮᠡᠷᠭᠡᠵᠢᠯ ᠨᠢ ᠪᠦᠬᠦ ᠤᠯᠤᠰ ᠤᠨ ᠨᠢᠭᠡᠳᠦᠭᠡᠷ ᠲᠤ ᠣᠷᠣᠵᠤ᠂ ᠫᠧᠩ ᠪᠥᠸᠧ ᠶᠢᠨ ᠡᠳ᠋ ᠤᠨ ᠵᠠᠰᠠᠭ ᠠᠵᠤ ᠠᠬᠤᠢ ᠳᠤ ᠨᠢᠭᠡᠳᠦᠭᠡᠷ ᠳᠡᠰ ᠤᠨ ᠡᠨᠧᠷᠭᠢ ᠬᠠᠳᠠᠭᠠᠯᠠᠬᠤ ᠬᠤᠳᠠᠯᠳᠤᠭᠠᠴᠢᠨ ᠢᠶᠠᠷ ᠦᠨᠡᠯᠡᠭᠳᠡᠪᠡ᠃    ᠮᠠᠨ ᠤ ᠬᠤᠲᠠ ᠳᠤ ᠪᠡᠯᠡ ᠣᠷᠣᠭᠤᠯᠤᠭᠰᠠᠨ ᠲᠥᠷᠥᠯ ᠵᠦᠢᠯ ᠤᠨ ᠦᠢᠯᠡᠳᠬᠦᠨ ᠤ ᠭᠤᠣᠯᠯᠠᠬᠤ ᠳᠠᠪᠠᠭᠤᠯᠢᠭ ᠭᠡᠪᠡᠯ᠄ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠵᠦ ᠪᠣᠯᠬᠤ ᠪᠥᠬᠦ ᠵᠢᠭᠰᠠᠭᠠᠯ ᠤᠨ ᠦᠢᠯᠡᠳᠬᠦᠨ ᠨᠢ ᠴᠠᠬᠢᠯᠭᠠᠨ ᠭᠠᠷᠭᠠᠬᠤ ᠲᠠᠯ᠎ᠠ + ᠴᠠᠬᠢᠯᠭᠠᠨ ᠲᠣᠣᠷ ᠤᠨ ᠲᠠᠯ᠎ᠠ + ᠬᠡᠷᠡᠭᠯᠡᠭᠴᠢ ᠶᠢᠨ ᠲᠠᠯ᠎ᠠ ᠶᠢ ᠬᠠᠮᠤᠷᠴᠤ᠂ 99.03% ᠶᠢᠨ ᠦᠷ᠎ᠡ ᠪᠦᠲᠦᠮᠵᠢ ᠣᠯᠵᠤ᠂ 110% ᠶᠢᠨ ᠬᠡᠲᠦ ᠠᠴᠢᠶᠠᠯᠠᠪᠤᠷᠢ ᠶᠢ ᠲᠣᠭᠲᠠᠪᠤᠷᠢᠲᠤ ᠴᠢᠨᠠᠷ ᠢᠶᠠᠷ ᠥᠨᠳᠥᠷ ᠳᠡᠮᠵᠢᠨ᠎ᠡ᠃ ᠦᠢᠯᠡᠳᠬᠦᠨ ᠤ ᠨᠠᠶᠢᠳᠠᠪᠤᠷᠢᠲᠤ ᠴᠢᠨᠠᠷ ᠰᠠᠶᠢᠨ᠂ ᠭᠦᠶᠦᠳᠡᠯ ᠥᠭᠡᠷᠡᠴᠢᠯᠡᠭᠴᠢ ᠶᠢᠨ ᠠᠵᠢᠯᠯᠠᠬᠤ ᠬᠡᠪᠴᠢᠶ᠎ᠡ ᠨᠢ -25℃-55℃᠂ ᠥᠨᠳᠥᠷ ᠬᠦᠢᠲᠡᠨ᠂ ᠥᠨᠳᠥᠷ ᠡᠷᠭᠦᠭᠳᠡᠴᠡ ᠲᠠᠢ ᠵᠡᠷᠭᠡ ᠮᠠᠭᠤ ᠣᠷᠴᠢᠨ ᠳᠤ ᠲᠡᠰᠪᠦᠷᠢᠲᠡᠢ᠂ ᠬᠠᠮᠤᠭ ᠥᠨᠳᠥᠷ ᠲᠡᠭᠡᠨ 5000 ᠮᠧᠲᠷ ᠡᠷᠭᠦᠭᠳᠡᠳᠡᠭ᠃ ᠦᠢᠯᠡᠳᠪᠦᠷᠢᠯᠡᠯ ᠤᠨ ᠱᠤᠭᠤᠮ ᠤᠨ ᠣᠶᠤᠨᠴᠢᠯᠠᠭᠰᠠᠨ ᠲᠦᠪᠰᠢᠨ ᠥᠨᠳᠥᠷ᠂ ᠪᠦᠬᠦᠯᠢ ᠱᠤᠭᠤᠮ ᠢᠶᠠᠷ ᠣᠶᠤᠨᠴᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠰᠢᠰᠲ᠋ᠧᠮ ᠢ ᠲᠣᠬᠢᠷᠠᠭᠤᠯᠵᠤ᠂ ᠪᠤᠢ ᠪᠦᠬᠦᠢ ᠠᠵᠢᠯ ᠤᠨ ᠲᠡᠰ ᠳᠠᠷᠠᠭᠠᠯᠠᠯ ᠤᠨ ᠶᠠᠰᠤ ᠴᠢᠨᠠᠷ ᠢ ᠬᠠᠮᠢᠶᠠᠷᠤᠨ ᠡᠵᠡᠮᠳᠡᠵᠦ᠂ ᠲᠤᠭ᠎ᠠ ᠪᠠᠷᠢᠮᠲᠠ ᠶᠢ ᠬᠢᠨᠠᠨ ᠬᠡᠮᠵᠢᠬᠦ ᠴᠡᠭ 1000 ᠭᠠᠷᠤᠢ ᠳᠤ ᠬᠦᠷᠴᠦ᠂ ᠦᠢᠯᠡᠳᠬᠦᠨ ᠤ ᠶᠠᠰᠤ ᠴᠢᠨᠠᠷ ᠲᠤ ᠲᠣᠭᠲᠠᠭᠤᠨ ᠪᠠᠲᠤᠯᠠᠭ᠎ᠠ ᠬᠠᠩᠭᠠᠵᠤ᠂ ᠪᠦᠬᠦᠯᠢ ᠱᠤᠭᠤᠮ ᠤᠨ ᠦᠢᠯᠡᠳᠪᠦᠷᠢᠯᠡᠯ ᠤᠨ ᠦᠷ᠎ᠡ ᠪᠦᠲᠦᠮᠵᠢ 12 ᠵᠠᠭᠤᠨ ᠲᠦᠮᠡᠨ ᠬᠤᠪᠢ ᠶᠢᠨ ᠨᠤᠷᠮ᠎ᠠ ᠳᠤ ᠬᠦᠷᠴᠡᠢ᠃ ᠠᠪᠴᠤ ᠶᠠᠪᠤᠬᠤ ᠳᠤ ᠳᠥᠭᠦᠮ᠂ ᠭᠦᠶᠦᠳᠡᠯ ᠥᠭᠡᠷᠡᠴᠢᠯᠡᠭᠴᠢ ᠶᠢᠨ ᠦᠢᠯᠡᠳᠪᠦᠷᠢᠯᠡᠯ ᠤᠨ ᠱᠤᠭᠤᠮ ᠨᠢ ᠬᠡᠰᠡᠭᠴᠢᠯᠡᠭᠰᠡᠨ ᠦᠢᠯᠡᠳᠪᠦᠷᠢᠯᠡᠯ ᠢ ᠪᠡᠶᠡᠯᠡᠭᠦᠯᠵᠦ᠂ ᠰᠡᠯᠪᠢᠭ ᠲᠣᠨᠤᠭ ᠢ ᠳᠡᠭᠡᠳᠦ ᠬᠡᠮᠵᠢᠶ᠎ᠡ ᠪᠠᠷ ᠨᠠᠷᠢᠨ ᠬᠤᠪᠢᠶᠠᠵᠤ᠂ ᠲᠣᠬᠢᠷᠠᠭᠤᠯᠬᠤ ᠳᠤ ᠠᠮᠢᠳᠤᠯᠢᠭ᠂ ᠤᠭᠰᠠᠷᠠᠬᠤ᠂ ᠬᠠᠮᠠᠭᠠᠯᠠᠬᠤ ᠶᠠᠪᠤᠴᠠ ᠨᠢ ᠲᠥᠬᠦᠮ ᠪᠠᠶᠢᠳᠠᠭ᠃ ᠦᠢᠯᠡᠳᠬᠦᠨ ᠨᠢ ᠡᠸᠦ᠋ᠷᠦᠫᠡ ᠲᠢᠪ᠂ ᠠᠮᠧᠷᠢᠺᠠ ᠲᠢᠪ᠂ ᠠᠹᠷᠢᠺᠠ ᠲᠢᠪ ᠵᠡᠷᠭᠡ 100 ᠭᠠᠷᠤᠢ ᠬᠤᠲᠠ ᠳᠤ ᠪᠣᠷᠣᠯᠠᠭᠤᠯᠤᠭᠳᠠᠵᠤ᠂ ᠪᠥᠬᠦ ᠳᠡᠯᠡᠬᠡᠢ ᠶᠢᠨ 1000 ᠭᠠᠷᠤᠢ ᠲᠥᠷᠥᠯ ᠵᠦᠢᠯ ᠳᠤ ᠡᠨᠧᠷᠭᠢ ᠬᠠᠳᠠᠭᠠᠯᠠᠬᠤ ᠰᠢᠰᠲ᠋ᠧᠮ ᠤᠨ ᠶᠡᠷᠦᠩᠬᠡᠶᠢᠯᠡᠭᠰᠡᠨ ᠰᠢᠢᠳᠪᠦᠷᠢᠯᠡᠬᠦ ᠲᠥᠰᠥᠯ ᠢ ᠬᠠᠩᠭᠠᠵᠤ ᠪᠠᠶᠢᠨ᠎ᠠ᠃    ᠠᠵᠤ ᠠᠬᠤᠢ ᠶᠢᠨ ᠦᠷ᠎ᠡ ᠠᠰᠢᠭ  ᠄ ᠲᠦᠷᠦᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠢᠯ ᠤᠨ ᠦᠢᠯᠡᠳᠬᠦᠨ ᠤ ᠦᠷᠲᠡᠭ ᠢ 30 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃    ᠳᠦᠷᠢ ᠲᠥᠷᠬᠦ ᠶᠢᠨ ᠠᠬᠢᠴᠠ᠄ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ 2025 ᠣᠨ ᠤ 2 ᠰᠠᠷ᠎ᠠ ᠶᠢᠨ 18 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠣᠳᠣᠬᠠᠨ ᠳᠤ ᠨᠢᠭᠡᠨᠲᠡ ᠦᠢᠯᠡᠳᠪᠦᠷᠢ ᠶᠢᠨ ᠪᠠᠶᠢᠰᠢᠩ ᠤᠨ ᠪᠣᠯᠣᠳ ᠪᠦᠲᠦᠴᠡ ᠶᠢᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ ᠶᠠᠭ ᠦᠢᠯᠡᠳᠪᠦᠷᠢ ᠶᠢᠨ ᠪᠠᠶᠢᠰᠢᠩ ᠤᠨ ᠭᠠᠵᠠᠷ ᠳᠡᠭᠡᠷᠡᠬᠢ ᠪᠠᠷᠢᠯᠭ᠎ᠠ ᠵᠢᠴᠢ ᠲᠣᠨᠤᠭ ᠲᠥᠬᠦᠭᠡᠷᠦᠮᠵᠢ ᠶᠢᠨ ᠤᠭᠰᠠᠷᠠᠯᠲᠠ ᠶᠢ ᠬᠢᠵᠦ ᠪᠣᠶ᠃ ᠵᠢᠱᠢᠯᠲᠡ ᠪᠠᠷ 2025 ᠣᠨ ᠤ 6 ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠭᠤᠯᠵᠤ᠂ ᠬᠠᠭᠠᠰ ᠵᠢᠯ ᠤᠨ ᠳᠣᠲᠣᠷ᠎ᠠ ᠠᠵᠢᠯ ᠡᠬᠢᠯᠡᠭᠦᠯᠬᠦ᠂ ᠠᠵᠢᠯ ᠳᠠᠭᠤᠰᠬᠠᠬᠤ᠂ ᠠᠰᠢᠭᠯᠠᠯᠲᠠ ᠳᠤ ᠣᠷᠣᠭᠤᠯᠬᠤ᠂ ᠳᠡᠭᠡᠳᠦ ᠬᠢᠵᠠᠭᠠᠷ ᠢ ᠪᠡᠶᠡᠯᠡᠭᠦᠯᠦᠨ᠎ᠡ᠃   ᠬᠤᠨᠠᠨ ᠤ ᠵᠦᠸᠧ ᠧᠨ ᠤ ᠨᠠᠷᠢᠯᠢᠭ ᠦᠢᠯᠡᠳᠬᠦ ᠬᠢᠵᠠᠭᠠᠷᠲᠤ ᠺᠣᠮᠫᠠᠨᠢ      ᠵᠢᠯ ᠳᠤ 10 ᠲᠦᠮᠡᠨ ᠰᠠᠭᠤᠷᠢ ᠣᠯᠠᠨ ᠲᠥᠷᠥᠯ ᠤᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠲᠥᠷᠥᠯ ᠵᠦᠢᠯ ᠢ ᠦᠢᠯᠡᠳᠪᠦᠷᠢᠯᠡᠨ᠎ᠡ
    ᠬᠤᠨᠠᠨ ᠤ ᠵᠦᠸᠧ ᠧᠨ ᠨᠠᠷᠢᠯᠢᠭ ᠦᠢᠯᠡᠳᠬᠦ ᠬᠢᠵᠠᠭᠠᠷᠲᠤ ᠺᠣᠮᠫᠠᠨᠢ ᠶᠢᠨ ᠵᠢᠯ ᠳᠤ 10 ᠲᠦᠮᠡᠨ ᠰᠠᠤᠷᠢ ᠤᠯᠠᠨ ᠲᠦᠷᠦᠯ ᠤᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠲᠦᠷᠦᠯ ᠵᠦᠢᠯ ᠢ ᠦᠢᠯᠡᠳᠪᠦᠷᠢᠯᠡᠨ᠎ᠡ᠃     ᠪᠡᠯᠡ ᠣᠷᠣᠭᠤᠯᠤᠯᠲᠠ ᠶᠢᠨ ᠬᠡᠪᠴᠢᠶ᠎ᠡ᠄ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1.1 ᠳ᠋ᠦᠩᠰᠢᠭᠤᠷ ᠲᠥᠭᠦᠷᠢᠭ ᠲᠤ ᠬᠦᠷᠴᠦ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠬᠠᠮᠲᠤᠪᠠᠷ ᠭᠥᠷᠳᠡᠬᠦ ᠦᠢᠯᠡᠳᠪᠦᠷᠢ ᠶᠢᠨ ᠭᠡᠷ ᠪᠠᠶᠢᠰᠢᠩ ᠢ ᠬᠡᠷᠡᠭᠯᠡᠨ᠂ ᠵᠢᠯ ᠳᠤ 10 ᠲᠦᠮᠡᠨ ᠰᠠᠤᠷᠢ ᠣᠯᠠᠨ ᠲᠥᠷᠥᠯ ᠤᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃     ᠦᠢᠯᠡᠳᠬᠦᠨ ᠤ ᠲᠡᠷᠢᠭᠦᠨ ᠤ ᠴᠢᠨᠠᠷ᠄ ᠬᠤᠨᠠᠨ ᠤ ᠵᠦᠸᠧ ᠧᠨ ᠨᠠᠷᠢᠯᠢᠭ ᠦᠢᠯᠡᠳᠬᠦ ᠬᠢᠵᠠᠭᠠᠷᠲᠤ ᠺᠣᠮᠫᠠᠨᠢ ᠪᠣᠯ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠲᠤᠰᠬᠠᠢ ᠮᠡᠷᠭᠡᠵᠢᠯ ᠤᠨ ᠣᠨᠴᠠ ᠰᠢᠨ᠎ᠡ ᠠᠵᠤ ᠠᠬᠤᠶᠢᠯᠠᠯ ᠪᠣᠯᠣᠨ᠎ᠠ᠃ ᠥᠪᠡᠷ ᠢᠶᠠᠨ ᠰᠤᠳᠤᠯᠤᠭᠰᠠᠨ ︽ᠳᠥᠷᠪᠡᠯᠵᠢᠨ ᠱᠤᠭᠤᠮ ᠤᠨ ᠤᠷᠠᠯᠠᠯ︾ ᠨᠢ ᠭᠠᠳᠠᠭᠠᠳᠤ ᠶᠢᠨ ᠮᠡᠷᠭᠡᠵᠢᠯ ᠤᠨ ᠪᠢᠲᠡᠭᠦᠮᠵᠢᠯᠡᠯ ᠢ ᠰᠢᠪᠲᠤᠯᠵᠤ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠴᠠᠬᠢᠯᠭᠠᠨ ᠮᠠᠰᠢᠨ ᠤ ᠰᠢᠷᠳᠡᠮᠡᠯ ᠤᠲᠠᠰᠤᠨ ᠤ ︽ᠳᠥᠷᠪᠡᠯᠵᠢᠨ ᠤᠲᠠᠰᠤᠨ ᠤ ᠤᠷᠠᠯᠠᠯ︾ ᠤᠨ ᠡᠭᠦᠳᠦᠭᠴᠢ ᠮᠥᠨ᠂ ᠨᠢᠭᠡᠨᠲᠡ ᠳᠥᠷᠪᠡᠯᠵᠢᠨ ᠵᠡᠰ ᠤᠨ ᠥᠪᠡᠰᠦᠪᠡᠨ ᠨᠠᠭᠠᠭᠰᠠᠨ ᠰᠢᠷᠳᠡᠮᠡᠯ ᠤᠲᠠᠰᠤ᠂ ᠴᠠᠬᠢᠭᠤᠷᠲᠤ ᠪᠣᠯᠣᠳ ᠢᠯᠲᠠᠰᠤ ᠶᠢᠨ ᠨᠦᠳᠦᠨ ᠬᠡᠪᠰᠢᠭᠦᠯᠬᠦ᠂ ᠮᠠᠰᠢᠨ ᠢᠶᠠᠷ ᠪᠣᠯᠪᠠᠰᠤᠷᠠᠭᠤᠯᠬᠤ᠂ ᠤᠲᠠᠰᠤ ᠣᠷᠢᠶᠠᠬᠤ᠂ ᠮᠣᠲ᠋ᠣᠷ ᠦᠢᠯᠡᠳᠪᠦᠷᠢᠯᠡᠬᠦ ᠱᠤᠭᠤᠮ᠂ ᠬᠠᠭᠠᠰ ᠳᠠᠮᠵᠢᠭᠤᠯᠤᠭᠴᠢ ᠶᠢᠨ ᠠᠵᠢᠯ ᠲᠥᠷᠥᠯ ᠤᠨ ᠬᠡᠷᠡᠭᠯᠡᠭᠡᠨ ᠤ ᠳᠡᠭᠡᠳᠦ ᠨᠠᠷᠢᠯᠢᠭ DD ᠴᠠᠬᠢᠯᠭᠠᠨ ᠮᠠᠰᠢᠨ ︵ᠪᠥᠬᠦ ᠪᠥᠮᠪᠥᠷᠴᠡᠭ ᠤᠨ ᠲᠣᠯᠣᠭᠠᠢ ᠶᠢᠨ ᠬᠡᠰᠡᠭ ᠤᠨ ᠶᠠᠫᠤᠨ ᠤ ᠠᠨᠴᠦᠦᠠᠨ︶ ᠤ ᠠᠵᠤ ᠦᠢᠯᠡᠰ ᠤᠨ ᠢᠵᠢ ᠪᠦᠷᠢᠳᠦᠭᠦᠯᠦᠨ ᠥᠪᠡᠷ ᠢ ᠪᠠᠨ ᠬᠠᠩᠭᠠᠬᠤ ᠶᠢ ᠪᠡᠶᠡᠯᠡᠭᠦᠯᠵᠦ᠂ ᠣᠲᠣ ᠶᠠᠭ ᠰᠤᠳᠤᠯᠤᠨ ᠨᠡᠭᠡᠭᠡᠵᠦ ᠪᠠᠶᠢᠭ᠎ᠠ 4 ᠵᠦᠢᠯ ᠤᠨ ᠰᠢᠭᠤᠳ ᠬᠥᠳᠡᠯᠭᠡᠭᠦᠷᠲᠦ ᠴᠠᠬᠢᠯᠭᠠᠨ ᠮᠠᠰᠢᠨ ᠤ ᠭᠤᠣᠯ ᠬᠦᠴᠦᠨ ᠤ ᠪᠠᠷᠢᠮᠵᠢᠶᠠᠲᠤ ᠦᠢᠯᠡᠳᠬᠦᠨ ᠨᠢ ᠪᠥᠬᠦ ᠪᠥᠮᠪᠥᠷᠴᠡᠭ ᠤᠨ ᠠᠩᠬᠠᠳᠠᠭᠴᠢ ᠰᠢᠭᠤᠳ ᠬᠥᠳᠡᠯᠭᠡᠭᠦᠷᠲᠦ ᠴᠠᠬᠢᠯᠭᠠᠨ ᠮᠠᠰᠢᠨ ᠤ ᠪᠠᠷᠢᠮᠵᠢᠶᠠᠵᠢᠭᠰᠠᠨ ᠦᠢᠯᠡᠳᠬᠦᠨ ᠪᠣᠯᠬᠤ ᠪᠣᠯᠣᠨ᠎ᠠ᠃     ᠮᠠᠨ ᠤ ᠬᠤᠲᠠ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠦᠢᠯᠡᠳᠬᠦᠨ ᠤ ᠭᠤᠣᠯᠯᠠᠬᠤ ᠳᠠᠪᠠᠭᠤᠯᠢᠭ ᠄ ᠢᠯᠴᠢ ᠲᠠᠷᠬᠠᠭᠠᠬᠤ ᠨᠢ ᠰᠠᠶᠢᠨ᠂ ᠬᠦᠷᠦᠯᠴᠡᠬᠦ ᠲᠠᠯᠠᠪᠠᠢ ᠨᠢ ᠨᠡᠩ ᠶᠡᠭᠡ᠂ ᠢᠯᠴᠢ ᠬᠠᠯᠳᠠᠯᠲᠠ ᠶᠢᠨ ᠦᠷ᠎ᠡ ᠪᠦᠲᠦᠮᠵᠢ ᠶᠢ 20% ᠠᠴᠠ ᠳᠡᠭᠡᠭᠰᠢ ᠳᠡᠭᠡᠭᠰᠢᠯᠡᠭᠦᠯᠦᠨ᠎ᠡ᠃ ᠴᠢᠳᠠᠪᠬᠢ ᠨᠢ ᠰᠢᠯᠢᠳᠡᠭ᠂ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠡᠰᠡᠷᠭᠦᠴᠡᠯ ᠨᠢ ᠨᠡᠩ ᠪᠠᠭ᠎ᠠ᠂ ᠬᠠᠮᠤᠭ ᠥᠨᠳᠥᠷ ᠠᠰᠢᠭᠯᠠᠮᠵᠢ ᠨᠢ 97.5% ᠳᠤ ᠬᠦᠷᠳᠡᠭ᠃ ᠡᠵᠡᠯᠡᠬᠦᠨ ᠤ ᠨᠤᠷᠮ᠎ᠠ ᠥᠨᠳᠥᠷ᠂ ᠲᠣᠭᠤᠷᠢᠭ ᠱᠤᠭᠤᠮ ᠤᠨ ᠣᠷᠢᠶᠠᠮᠠᠭ ᠠᠴᠠ ᠳᠠᠷᠪᠢᠯᠲᠠ ᠪᠠᠭᠠᠰᠴᠤ᠂ ᠡᠵᠡᠯᠡᠬᠦᠨ ᠤ ᠨᠤᠷᠮ᠎ᠠ ᠨᠢ 27% ᠪᠠᠷ ᠳᠡᠭᠡᠭᠰᠢᠯᠡᠨ᠎ᠡ᠃ ᠮᠠᠲ᠋ᠧᠷᠢᠶᠠᠯ ᠤᠨ ᠬᠤᠷᠣᠭᠳᠠᠯ ᠪᠠᠭ᠎ᠠ᠂ ᠠᠳᠠᠯᠢᠬᠠᠨ ᠴᠠᠬᠢᠯᠭᠠᠨ ᠡᠰᠡᠷᠭᠦᠴᠡᠯ ᠤᠨ ᠬᠡᠮᠵᠢᠭᠳᠡᠯ ᠲᠠᠢ ᠪᠠᠶᠢᠵᠤ᠂ ᠲᠣᠭᠤᠷᠢᠭ ᠱᠤᠭᠤᠮ ᠤᠨ ᠣᠷᠢᠶᠠᠮᠠᠭ ᠠᠴᠠ ᠣᠷᠣᠨ ᠵᠠᠢ ᠠᠷᠪᠢᠯᠠᠵᠤ᠂ ᠦᠢᠯᠡᠳᠬᠦᠨ ᠤ ᠥᠪᠡᠷ ᠤᠨ ᠥᠷᠲᠡᠭ ᠢ 10% ᠪᠠᠷ ᠪᠠᠭᠤᠷᠠᠭᠤᠯᠤᠨ᠎ᠠ᠃    ᠠᠵᠤ ᠠᠬᠤᠢ ᠶᠢᠨ ᠦᠷ᠎ᠡ ᠠᠰᠢᠭ᠄ ᠲᠥᠷᠥᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠢᠯ ᠤᠨ ᠦᠢᠯᠡᠳᠬᠦᠨ ᠤ ᠥᠷᠲᠡᠭ ᠢ 3 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号