ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠩᠰᠢ ᠶᠢᠨ ᠡᠳᠦᠷ ᠤᠨ ᠪᠣᠯᠪᠠᠰᠤᠨ ᠲᠠᠬᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2025/4/3
    ᠬᠠᠩᠰᠢ ᠶᠢᠨ ᠡᠳᠦᠷ ᠤᠨ ᠪᠣᠯᠪᠠᠰᠤᠨ ᠲᠠᠬᠢᠯᠭ᠎ᠠ ᠶᠢᠨ ᠪᠢᠴᠢᠭ      ᠬᠠᠩᠰᠢ ᠶᠢᠨ ᠡᠳᠦᠷ ᠳᠤᠮᠳᠠᠳᠤ ᠶᠢᠨ ᠦᠨᠳᠦᠰᠦᠲᠡᠨ ᠤ ᠡᠪᠦᠭᠡ ᠳᠡᠭᠡᠳᠦᠰ ᠢᠶᠠᠨ ᠲᠠᠬᠢᠬᠤ᠂ ᠨᠠᠰᠤ ᠨᠥᠭᠴᠢᠭᠰᠡᠳ ᠢᠶᠠᠨ ᠳᠤᠷᠠᠰᠤᠨ ᠰᠠᠨᠠᠭᠠᠯᠵᠠᠵᠤ᠂ ᠣᠩᠭᠤᠨ ᠱᠦᠭᠦᠷᠳᠡᠬᠦ᠂ ᠡᠪᠦᠭᠡ ᠳᠡᠭᠡᠳᠦᠰ ᠢᠶᠠᠨ ᠲᠠᠬᠢᠬᠤ ᠨᠢ ᠨᠢᠭᠡᠨᠲᠡ ᠤᠯᠠᠮᠵᠢᠯᠠᠯᠲᠤ ᠵᠠᠩ ᠳᠠᠳᠬᠠᠯ ᠪᠣᠯᠤᠭᠰᠠᠨ ᠪᠠᠶᠢᠨ᠎ᠠ᠃ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠪᠠᠳᠠᠷᠠᠭᠤᠯᠵᠤ᠂ ᠣᠳᠣ ᠦᠶ᠎ᠡ ᠶᠢᠨ ᠣᠷᠣᠰᠢᠭᠤᠯᠭ᠎ᠠ ᠶᠢᠨ ᠰᠣᠶᠣᠯ ᠤᠨ ᠣᠶᠢᠯᠠᠭᠠᠭᠳᠠᠬᠤᠨ ᠢ ᠰᠠᠨᠠᠭᠠᠴᠢᠯᠠᠵᠤ᠂ ︽ᠵᠠᠩ ᠳᠠᠳᠬᠠᠯ ᠢ ᠥᠭᠡᠷᠡᠴᠢᠯᠡᠬᠦ᠂ ᠪᠣᠯᠪᠠᠰᠤᠨ ᠲᠠᠬᠢᠯᠭ᠎ᠠ᠂ ᠪᠣᠬᠢᠷᠲᠤᠯ ᠦᠭᠡᠢ ᠭᠡᠭᠡᠨ ᠰᠠᠷᠠᠭᠤᠯ᠂ ᠰᠣᠶᠣᠯ ᠤᠨ ᠬᠠᠩᠰᠢ︾ ᠭᠡᠬᠦ ᠰᠠᠶᠢᠨ ᠰᠠᠶᠢᠬᠠᠨ ᠠᠭᠤᠷ ᠠᠮᠢᠰᠬᠤᠯ ᠢ  ᠪᠤᠢ ᠪᠣᠯᠭᠠᠬᠤ ᠶᠢᠨ ᠲᠥᠯᠥᠭᠡ᠂ ᠡᠷᠡᠭᠦᠯ ᠴᠢᠭᠢᠷᠠᠭ᠂ ᠪᠣᠯᠪᠠᠰᠤᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠠᠩᠰᠢ ᠶᠢᠨ ᠡᠳᠦᠷ ᠢ ᠥᠩᠭᠡᠷᠡᠭᠦᠯᠦᠶ᠎ᠡ᠂ ᠪᠢᠳᠡ ᠥᠷᠭᠡᠨ ᠤᠯᠠᠨ ᠬᠤᠳᠠ ᠶᠢᠨ ᠠᠷᠠᠳ ᠨᠠᠶᠢᠵᠠ ᠨᠠᠷ ᠪᠣᠯᠪᠠᠰᠤᠨ ᠢᠶᠠᠷ ᠲᠠᠬᠢᠯᠭ᠎ᠠ ᠬᠢᠵᠦ᠂ ᠪᠣᠯᠪᠠᠰᠤᠨ ᠰᠢᠨ᠎ᠡ ᠰᠤᠷᠲᠠᠯ ᠢ ᠪᠠᠳᠠᠷᠠᠭᠤᠯᠬᠤ ᠶᠢ ᠰᠠᠨᠠᠭᠠᠴᠢᠯᠠᠶ᠎ᠠ᠃      ᠠᠶᠤᠯ ᠦᠭᠡᠶ ᠲᠠᠬᠢᠯᠭ᠎ᠠ      ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠦᠭᠡᠢ᠂ ᠠᠮᠢ ᠨᠠᠰᠤ ᠠᠭᠤᠯᠠ ᠮᠡᠲᠦ ᠴᠢᠬᠤᠯᠠ᠃ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠠᠭᠤᠯᠠᠨ ᠣᠷᠣᠢ᠂ ᠣᠶᠢᠲᠤ ᠭᠠᠵᠠᠷ᠂ ᠡᠪᠡᠰᠦᠲᠦ ᠭᠠᠵᠠᠷ᠂ ᠵᠡᠭᠡᠯᠢ ᠭᠤᠳᠤᠮᠵᠢ᠂ ᠵᠠᠮ ᠤᠨ ᠠᠭᠤᠯᠵᠠᠷ ᠵᠡᠷᠭᠡ ᠣᠷᠣᠨ ᠪᠦᠰᠡ ᠳᠤ ᠢᠯᠡ ᠭᠠᠯ ᠬᠡᠷᠡᠭᠯᠡᠬᠦ  ᠂ ᠠᠯᠢᠪᠠ ᠠᠮᠤᠷ ᠲᠦᠪᠰᠢᠨ ᠪᠤᠰᠤ ᠳᠠᠯᠳᠠ ᠭᠡᠮ ᠡᠭᠦᠰᠬᠦ ᠶᠢ ᠡᠷᠡᠰ ᠬᠤᠷᠢᠭᠯᠠᠵᠤ᠂ ᠬᠥᠮᠦᠨ ᠤ ᠪᠡᠶ᠎ᠡ ᠶᠢᠨ ᠡᠷᠡᠭᠦᠯ ᠮᠡᠨᠳᠦ ᠪᠠ ᠤᠯᠠᠨ ᠨᠡᠶᠢᠲᠡ ᠶᠢᠨ ᠡᠳ᠋ ᠬᠦᠷᠦᠩᠭᠡ ᠶᠢᠨ ᠠᠮᠤᠷ ᠲᠦᠪᠰᠢᠨ ᠢ ᠬᠤᠬᠢᠷᠠᠭᠤᠯᠬᠤ ᠶᠢ  ᠳᠡᠪᠴᠢᠬᠦ ᠬᠡᠷᠡᠭᠲᠡᠢ᠃      ᠪᠣᠯᠪᠠᠰᠤᠨ ᠲᠠᠬᠢᠯᠭ᠎ᠠ      ᠪᠣᠬᠢᠷᠲᠤᠯ ᠥᠬᠡᠢ ᠬᠠᠩᠰᠢ᠂  ᠪᠣᠯᠪᠠᠰᠤᠨ ᠮᠦᠷᠦᠭᠡᠳᠦᠯ᠃ ᠪᠣᠯᠪᠠᠰᠤᠨ ᠪᠤᠰᠤ ᠲᠠᠬᠢᠯᠭ᠎ᠠ ᠶᠢᠨ ᠠᠷᠭ᠎ᠠ ᠶᠢ ᠤᠬᠠᠮᠰᠠᠷ ᠠᠴᠠ ᠪᠠᠨ ᠲᠠᠶᠠᠭᠳᠠᠵᠤ᠂ ᠲᠥᠪᠯᠡᠷᠡᠭᠦᠯᠦᠨ ᠲᠠᠬᠢᠯᠭ᠎ᠠ ᠬᠢᠬᠦ ᠠᠷᠭ᠎ᠠ ᠪᠠᠷ ᠨᠥᠭᠴᠢᠭᠰᠡᠳ ᠲᠤ ᠲᠠᠬᠢᠯᠭ᠎ᠠ  ᠬᠢᠨ᠎ᠡ᠃ ᠥᠷᠭᠡᠨ ᠣᠯᠠᠨ ᠨᠠᠮ ᠤᠨ ᠭᠡᠰᠢᠭᠦᠨ ᠺᠠᠲᠠᠷ᠂ ᠠᠯᠪᠠᠨ ᠲᠤᠰᠢᠶᠠᠯᠲᠠᠨ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠪᠣᠯᠪᠠᠰᠤᠨ ᠲᠠᠬᠢᠯᠭ᠎ᠠ ᠶᠢᠨ ᠬᠤᠰᠢᠭᠤᠴᠢ ᠪᠣᠯᠵᠤ᠂ ᠪᠣᠳᠠᠲᠤ ᠠᠵᠢᠯᠯᠠᠭ᠎ᠠ ᠪᠠᠷ ᠢᠶᠠᠨ ᠳᠡᠷᠭᠡᠳᠡᠬᠢ ᠣᠯᠠᠨ ᠲᠦᠮᠡᠨ ᠢ ᠨᠥᠯᠥᠭᠡᠯᠡᠨ ᠳᠠᠶᠢᠴᠢᠯᠠᠬᠤ ᠬᠡᠷᠡᠭᠲᠡᠶ᠃ ᠣᠶᠢᠷ᠎ᠠ ᠶᠢᠨ ᠬᠤᠭᠤᠴᠠᠭᠠᠨ ᠳᠤ᠂ ᠮᠠᠨ ᠤ ᠣᠷᠣᠨ ᠲᠡᠤᠬᠡ  ᠶᠢᠨ ᠲᠥᠪᠯᠡᠷᠡᠭᠦᠯᠦᠨ ᠪᠤᠯᠠᠰᠢᠯᠠᠬᠤ ᠭᠠᠵᠠᠷ ︵ᠡᠪ ᠬᠠᠮᠲᠤ ᠵᠠᠯᠠᠭᠤᠴᠤᠳ ᠤᠨ ᠨᠡᠶᠢᠲᠡ ᠶᠢᠨ ᠣᠩᠭᠤᠨ︶ ᠤᠨ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠵᠤ᠂ ᠪᠣᠯᠪᠠᠰᠤᠨ ᠢᠶᠠᠷ ᠲᠠᠬᠢᠯᠭ᠎ᠠ ᠬᠢᠵᠦ ᠣᠷᠣᠰᠢᠭᠤᠯᠭ᠎ᠠ ᠶᠢ ᠵᠠᠰᠠᠬᠤ ᠲᠠᠯᠠᠪᠤᠷ ᠪᠠᠶᠢᠭᠤᠯᠵᠤ᠂ ᠦᠨ᠎ᠡ ᠲᠥᠯᠥᠪᠦᠷᠢ ᠥᠬᠡᠶ ᠪᠠᠷ ᠨᠡᠶᠢᠭᠡᠮ ᠨᠡᠶᠢᠲᠡ ᠳᠤ ᠨᠡᠭᠡᠭᠡᠪᠡ᠂ ᠲᠤᠬᠠᠶ ᠶᠢᠨ ᠲᠠᠯᠠᠪᠠᠶ ᠳᠤ ︽ᠰᠣᠷᠭᠤᠭ ᠴᠡᠴᠡᠭ ᠴᠠᠭᠠᠰᠤᠨ ᠵᠣᠭᠤᠰ︾᠂ ︽ᠲᠣᠷᠭᠠᠨ ᠪᠦᠰᠡᠳᠡ ᠪᠠᠷ ᠭᠠᠰᠢᠭᠤᠳᠠᠯ ᠢᠶᠠᠨ ᠢᠯᠡᠳᠭᠡᠬᠦ︾ ᠵᠡᠷᠭᠡ ᠠᠵᠢᠯᠯᠠᠭ᠎ᠠ  ᠦᠷᠨᠢᠭᠦᠯᠦᠨ᠎ᠡ᠃      ᠠᠷᠪᠢᠴᠢ ᠭᠠᠮᠲᠠᠶ ᠲᠠᠬᠢᠯᠭ᠎ᠠ     ᠵᠤᠵᠠᠭᠠᠨ ᠳᠠᠬᠢᠯᠭ᠎ᠠ ᠬᠢᠬᠦ   ᠪᠠᠷ ᠢᠶᠠᠨ ᠤᠳᠤᠬᠠᠨ ᠳᠤ ᠪᠠᠨ ᠡᠯᠪᠡᠷᠢᠵᠦ ᠠᠴᠢᠯᠠᠬᠤ   ᠨᠢ ᠳᠡᠭᠡᠷ᠎ᠡ  ᠃  ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠶᠡᠬᠡᠪᠡᠷ ᠪᠠᠳᠠᠷᠠᠭᠤᠯᠵᠤ᠂   ᠨᠠᠰᠤᠲᠠᠶᠢᠴᠤᠳ  ᠳᠤ ᠪᠠᠨ ᠢᠯᠡᠭᠦᠬᠡᠨ ᠬᠠᠨᠢ  ᠪᠤᠯᠤᠨ᠎ᠠ᠃ ᠨᠠᠰᠤᠲᠠᠨ ᠨᠠᠰᠤ ᠪᠠᠷᠠᠭᠰᠠᠨ ᠤ ᠳᠠᠷᠠᠭ᠎ᠠ ᠶᠡᠭᠡ ᠪᠠᠷ ᠬᠢᠬᠦ ᠦᠭᠡᠢ᠂ ᠠᠳᠠᠯᠢᠳᠬᠠᠬᠤ ᠦᠭᠡᠢ᠂ ᠯᠠᠷᠵᠢᠶ᠎ᠠ ᠲᠠᠲᠠᠬᠤ ᠦᠭᠡᠢ᠂᠂ ᠪᠣᠯᠪᠠᠰᠤᠨ ᠠᠷᠪᠢᠯᠠᠨ ᠭᠠᠮᠨᠠᠬᠤ ᠶᠢ ᠡᠷᠬᠢᠮᠯᠡᠨ᠎ᠡ᠃ ᠭᠡᠷ ᠪᠦᠯᠢ ᠶᠢᠨ ᠳᠤᠷᠠᠰᠤᠨ ᠰᠠᠨᠠᠭᠠᠯᠵᠠᠬᠤ᠂ ᠭᠡᠷ ᠪᠦᠯᠢ ᠶᠢᠨ ᠲᠡᠦᠬᠡ ᠶᠢ ᠡᠷᠭᠢᠴᠡᠭᠦᠯᠬᠦ᠂ ᠭᠡᠷ ᠤᠨ ᠰᠤᠷᠲᠠᠯ ᠢ ᠰᠠᠶᠢᠲᠤᠷ ᠤᠯᠠᠮᠵᠢᠯᠠᠬᠤ ᠵᠡᠷᠭᠡ ᠰᠢᠨ᠎ᠡ ᠠᠷᠭ᠎ᠠ ᠬᠡᠯᠪᠡᠷᠢ ᠪᠠᠷ ᠲᠠᠬᠢᠯᠭ᠎ᠠ ᠶᠢᠨ ᠠᠵᠢᠯᠯᠠᠭ᠎ᠠ ᠥᠷᠨᠢᠭᠦᠯᠬᠦ ᠶᠢ ᠰᠠᠨᠠᠭᠠᠴᠢᠯᠠᠪᠠ᠃ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ ᠲᠥᠪ ᠰᠤᠷᠲᠠᠯ ᠢ ᠪᠠᠳᠠᠷᠠᠭᠤᠯᠵᠤ᠂ ᠬᠠᠭᠤᠴᠢᠨ ᠶᠣᠰᠣ ᠪᠦᠳᠦᠭᠦᠯᠢᠭ ᠳᠠᠳᠬᠠᠯ ᠢ ᠲᠠᠶᠠᠭᠳᠠᠵᠤ᠂ ᠠᠮᠢ ᠠᠬᠤᠢ ᠶᠢᠨ ᠪᠣᠯᠪᠠᠰᠤᠨ ᠤ ᠰᠢᠨ᠎ᠡ ᠰᠤᠷᠲᠠᠯ ᠢ ᠬᠥᠲᠥᠯᠥᠨ ᠳᠠᠭᠠᠭᠤᠯᠤᠨ᠎ᠠ᠃     ᠪᠢᠳᠡ ᠢᠳᠡᠪᠬᠢᠲᠡᠢ ᠬᠥᠳᠡᠯᠦᠯᠴᠡᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠭᠡᠷ ᠪᠦᠯᠢ ᠠᠴᠠ ᠡᠬᠢᠯᠡᠨ ᠬᠢᠵᠦ᠂ ᠣᠳᠣ ᠠᠴᠠ ᠡᠬᠢᠯᠡᠨ ᠬᠢᠵᠦ᠂ ᠪᠣᠯᠪᠠᠰᠤᠨ ᠠᠮᠤᠷ ᠲᠦᠪᠰᠢᠨ ᠤ ᠲᠠᠬᠢᠯᠭ᠎ᠠ ᠶᠢᠨ ᠠᠷᠭ᠎ᠠ ᠬᠡᠯᠪᠡᠷᠢ ᠪᠠᠷ ᠠᠬᠠᠮᠠᠳ ᠦᠶ᠎ᠡ ᠶᠢᠨ ᠬᠢᠨ ᠢ  ᠰᠠᠨᠠᠭᠠᠯᠵᠠᠵᠤ᠂ ᠨᠠᠰᠤ ᠨᠥᠭᠴᠢᠭᠰᠡᠳ ᠢ ᠳᠤᠷᠠᠰᠤᠨ ᠰᠠᠨᠠᠭᠠᠯᠵᠠᠵᠤ᠂ ᠠᠮᠢ ᠠᠬᠤᠢ ᠶᠢᠨ ᠳᠡᠭᠡᠳᠦ ᠰᠢᠨ᠎ᠡ ᠮᠡᠷᠭᠡᠵᠢᠯ ᠤᠨ  ᠤᠷᠤᠨ ᠢ ᠬᠠᠮᠲᠤ ᠪᠠᠷ ᠪᠠᠶᠢᠭᠤᠯᠵᠤ᠂ ᠪᠣᠯᠪᠠᠰᠤᠨ ᠤ ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠦᠢᠯᠡᠳᠦᠯᠭᠡᠵᠢᠭᠦᠯᠬᠦ ᠳᠤ ᠬᠦᠴᠦᠨ ᠴᠢᠳᠠᠯ ᠢᠶᠠᠨ ᠡᠷᠭᠦᠶ᠎ᠡ︕
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号