【 ᠦᠨᠡᠨᠴᠢ ᠢᠲᠡᠭᠡᠮᠵᠢ ᠶᠢᠨ ᠪᠠᠶᠢᠭᠤᠯᠤᠮᠤᠢ ᠶᠢᠨ  ᠢᠨᠵᠧᠨᠢᠷᠢᠭ 】 ᠦᠨᠡᠨᠴᠢ ᠢᠲᠡᠭᠡᠮᠵᠢ ᠶᠢᠨ ᠡᠭᠦᠷᠭᠡ ᠬᠠᠷᠢᠭᠤᠴᠠᠯᠭ᠎ᠠ ᠶᠢᠨ ᠬᠦᠴᠢᠷ ᠵᠣᠪᠠᠭᠤᠷᠢ᠂ ᠲᠦᠭᠵᠢᠷᠡᠯ ᠢ ᠰᠢᠢᠳᠪᠦᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2025/4/3
     ᠣᠶᠢᠷ᠎ᠠ ᠳᠤ᠂ ᠬᠤᠶᠠᠳᠤᠭᠠᠷ ᠲᠣᠭᠤᠷᠢᠭ ᠤᠨ 33 ᠰᠠᠭᠤᠭᠠᠯᠢ ᠠᠷᠠᠳ ᠤᠨ ᠠᠰᠠᠷ ᠤᠰᠤ ᠪᠥᠭᠯᠡᠷᠡᠵᠦ᠂ ᠨᠢᠭᠡᠳᠦᠭᠡᠷ ᠳᠠᠪᠬᠤᠷᠯᠢᠭ ᠤᠨ ᠰᠠᠭᠤᠭᠠᠯᠢ ᠠᠷᠠᠳ ᠥᠪᠡᠰᠦᠪᠡᠨ ᠨᠡᠭᠡᠯᠡᠬᠡᠶ ᠶᠢ ᠬᠠᠭᠠᠵᠤ᠂ ᠪᠤᠰᠤᠳ ᠠᠰᠠᠷ ᠤᠨ ᠳᠠᠪᠬᠤᠷᠭ᠎ᠠ ᠶᠢᠨ ᠰᠠᠭᠤᠭᠠᠯᠢ ᠠᠷᠠᠳ ᠤᠰᠤᠨ ᠤ ᠬᠤᠭᠤᠯᠠᠶ ᠬᠡᠷᠡᠭᠯᠡᠬᠦ ᠶᠢᠨ ᠠᠷᠭ᠎ᠠ ᠦᠭᠡᠢ ᠪᠣᠯᠵᠣ᠂ ᠰᠠᠭᠤᠭᠠᠯᠢ ᠠᠷᠠᠳ ᠤᠨ ᠳᠤᠷ᠎ᠠ ᠦᠭᠡᠶᠢᠴᠡᠯ ᠢ ᠭᠦᠷᠭᠡᠵᠤ᠂ ᠰᠠᠭᠤᠭᠠᠯᠢ ᠠᠷᠠᠳ ᠤᠨ ᠲᠤᠰᠬᠠᠯ ᠴᠢᠩᠭ᠎ᠠ  ᠪᠠᠶᠢᠪᠠ᠃ ᠮᠡᠳᠡᠭᠡ ᠵᠠᠩᠭᠢ ᠶᠢ ᠣᠯᠣᠭᠰᠠᠨ ᠤ ᠳᠠᠷᠠᠭ᠎ᠠ᠂ ᠨᠡᠶᠢᠭᠡᠮ ᠲᠣᠭᠤᠷᠢᠭ ᠤᠨ ᠡᠶᠡᠳᠡᠭᠦᠯᠦᠭᠴᠢ ᠰᠢᠤᠢ ᠯᠢ ᠰᠢᠶᠠ ᠦᠨᠡᠨᠴᠢ ᠢᠲᠡᠭᠡᠮᠵᠢ ᠶᠢᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠨ ᠦᠳᠲᠡᠷ ᠲᠦᠷᠭᠡᠨ ᠬᠥᠳᠡᠯᠦᠯᠴᠡᠵᠦ᠂ 10 ᠮᠢᠨᠦ᠋ᠲ ᠤᠨ ᠳᠣᠲᠣᠷ᠎ᠠ ᠲᠤᠬᠠᠶ ᠶᠢᠨ ᠲᠠᠯᠠᠪᠤᠷ ᠲᠤ ᠬᠦᠷᠴᠦ ᠨᠢᠭᠡ ᠲᠠᠯ᠎ᠠ ᠪᠠᠷ ᠰᠠᠭᠤᠭᠠᠯᠢ ᠠᠷᠠᠳ ᠤᠨ ᠤᠷᠮ᠎ᠠ ᠰᠡᠳᠬᠢᠯᠭᠡ ᠶᠢ ᠲᠠᠶᠢᠳᠬᠤᠷᠠᠭᠤᠯᠵᠤ᠂ ᠰᠢᠢᠳᠪᠦᠷᠢᠯᠡᠬᠦ ᠠᠷᠭ᠎ᠠ ᠶᠢ ᠵᠥᠪᠳᠡᠯᠴᠡᠨ᠂ ᠨᠥᠭᠦᠭᠡ ᠲᠠᠯ᠎ᠠ ᠪᠠᠷ ᠳᠠᠮᠵᠢᠭᠤᠯᠬᠤ ᠬᠤᠭᠤᠯᠠᠶ ᠶᠢ ᠠᠵᠢᠯᠴᠢᠳ ᠢ ᠬᠠᠷᠢᠯᠴᠠᠪᠠ᠃     ᠲᠤᠰᠬᠠᠶ ᠮᠡᠷᠭᠡᠵᠢᠯ ᠤᠨ ᠰᠠᠭᠠᠳ ᠥᠬᠡᠶ ᠨᠡᠪᠲᠡᠷᠡᠭᠦᠯᠬᠦ ᠠᠵᠢᠯᠴᠢᠨ ᠤ ᠪᠠᠶᠢᠴᠠᠭᠠᠯᠲᠠ ᠪᠠᠷ ᠳᠡᠮᠵᠢᠨ᠂ ᠲᠤᠬᠠᠶ ᠶᠢᠨ ᠦᠶ᠎ᠡ ᠳᠤ ᠪᠠᠶᠢᠭᠤᠯᠵᠤ ᠳᠠᠭᠤᠰᠤᠭᠰᠠᠨ ᠬᠤᠭᠤᠯᠠᠶ ᠨᠢ ᠨᠠᠷᠢᠨ ᠮᠥᠷᠲᠡᠭᠡᠨ ᠤᠰᠤ ᠭᠠᠷᠭᠠᠭᠰᠠᠨ ᠨᠠᠯᠠᠤ ᠵᠠᠮ ᠢ ᠵᠡᠷᠭᠡ ᠪᠠᠷ ᠬᠡᠷᠡᠭᠯᠡᠵᠦ ᠳᠡᠶᠢᠯᠬᠦ ᠥᠬᠡᠶ ᠭᠡᠵᠦ ᠲᠣᠭᠲᠠᠭᠠᠭᠰᠠᠨ ᠦᠶ᠎ᠡ ᠳᠤ ᠣᠷᠳᠣ ᠬᠤᠭᠤᠯᠠᠶ ᠶᠢᠨ ᠳᠣᠲᠣᠷᠠᠬᠢ ᠡᠯᠳᠡᠪ ᠪᠣᠳᠠᠰ ᠣᠪᠣᠭᠠᠷᠠᠭᠰᠠᠨ ᠵᠢᠴᠢ ᠲᠣᠰᠣ ᠴᠠᠷᠴᠠᠭᠰᠠᠨ ᠠᠴᠠ ᠪᠣᠯᠵᠣ ᠪᠥᠭᠯᠡᠷᠡᠪᠡ᠃ ᠨᠡᠪᠲᠡᠷᠡᠭᠦᠯᠬᠦ ᠳᠤ ᠵᠥᠪᠬᠡᠨ ᠥᠩᠭᠡᠨ ᠲᠠᠯ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠳᠠᠮᠵᠢᠭᠤᠯᠬᠤ ᠬᠤᠭᠤᠯᠠᠶ ᠶᠢ ᠰᠣᠯᠢᠵᠤ ᠥᠭᠡᠷᠡᠴᠢᠯᠡᠬᠦ ᠴᠢᠬᠤᠯᠠᠲᠠᠶ ᠪᠣᠯᠪᠠᠴᠤ ᠵᠠᠷᠤᠳᠠᠯ ᠨᠢ ᠨᠡᠪᠲᠡᠷᠡᠵᠦ ᠣᠯᠬᠤ ᠠᠴᠠ ᠢᠯᠡᠭᠦᠦ ᠪᠠᠶᠢᠵᠤ᠂ ᠵᠠᠷᠢᠮ ᠰᠠᠭᠤᠭᠠᠯᠢ ᠠᠷᠠᠳ ᠵᠣᠭᠤᠰ ᠠᠷᠪᠢᠨ ᠭᠠᠷᠤᠭᠰᠠᠨ ᠢ ᠰᠣᠨᠣᠰᠪᠠᠯ ᠳᠤᠷ᠎ᠠ ᠦᠭᠡᠢ ᠪᠣᠯᠵᠠᠶ᠂ ᠡᠶᠢᠮᠦ ᠠᠴᠠ ᠲᠡᠷᠡ ᠡᠷᠦᠬᠡ ᠳᠠᠷᠠᠭᠠᠯᠠᠨ ᠡᠭᠦᠳᠡ ᠲᠣᠭᠰᠢᠵᠤ᠂ ᠶᠣᠰᠣ ᠤᠴᠢᠷ ᠢ ᠮᠡᠳᠡᠵᠦ᠂ ᠲᠡᠭᠦᠨ ᠤ ᠬᠦᠯᠢᠴᠡᠩᠭᠦᠶ ᠵᠣᠬᠢᠴᠠᠯ ᠤᠨ ᠳᠣᠤᠷ᠎ᠠ᠂ ᠪᠦᠬᠦ ᠠᠰᠠᠷ ᠤᠨ ᠰᠠᠭᠤᠭᠠᠯᠢ ᠠᠷᠠᠳ ᠴᠥᠮ ᠪᠡᠯᠡ ᠭᠠᠷᠭᠠᠬᠤ ᠶᠢ ᠵᠥᠪᠰᠢᠶᠡᠷᠡᠵᠦ᠂ ᠬᠠᠮᠤᠭ ᠡᠴᠦᠰ ᠲᠤ ᠣᠯᠠᠨ ᠢᠶᠠᠷ ᠢᠶᠠᠨ ᠨᠢᠭᠡᠳᠦᠯᠲᠡᠶ ᠪᠠᠷ ᠪᠡᠯᠡ ᠴᠤᠭᠯᠠᠭᠤᠯᠵᠤ ᠬᠠᠭᠠᠰ ᠡᠳᠦᠷ ᠠᠵᠢᠯ ᠬᠢᠵᠦ᠂ ᠬᠤᠭᠤᠯᠠᠶ ᠶᠢ ᠰᠣᠯᠢᠬᠤ ᠪᠠᠷ ᠪᠤᠯᠪᠠ᠃ ᠰᠠᠭᠠᠳ ᠦᠭᠡᠢ ᠨᠡᠪᠲᠡᠷᠡᠬᠦ ᠬᠤᠭᠤᠯᠠᠢ ᠶᠢ ᠰᠡᠷᠭᠦᠭᠡᠬᠦ ᠶᠢ ᠬᠠᠷᠠᠭᠠᠳ ᠪᠦᠬᠦ ᠠᠰᠠᠷ ᠤᠨ ᠰᠠᠭᠤᠭᠠᠯᠢ ᠠᠷᠠᠳ ᠰᠠᠨᠠᠭ᠎ᠠ ᠠᠮᠤᠷ ᠢᠨᠢᠶᠡᠮᠰᠦᠭᠯᠡᠭᠰᠡᠭᠡᠷ ᠰᠢᠤᠢ ᠡᠭᠡᠴᠢ ᠶᠢᠨ ᠬᠢᠨ ᠠᠰᠠᠷ ᠤᠨ ᠭᠤᠳᠤᠮᠵᠢᠨ ᠤ ᠤᠰᠤ ᠪᠠᠭᠤᠯᠭᠠᠬᠤ ᠬᠤᠭᠤᠯᠠᠶ ᠶᠢ ᠬᠠᠪᠰᠤᠷᠴᠤ  ᠨᠡᠪᠲᠡᠷᠡᠭᠦᠯᠪᠡ᠃      ᠰᠠᠭᠤᠭᠠᠯᠢ ᠠᠷᠠᠳ ᠨᠡᠶᠢᠭᠡᠮ ᠲᠣᠭᠤᠷᠢᠭ ᠪᠣᠯᠤᠨ ᠥᠭᠡᠷᠡᠴᠢᠯᠡᠨ ᠪᠠᠶᠢᠭᠤᠯᠤᠭᠰᠠᠨ ᠳᠠᠮᠵᠢᠭᠤᠯᠬᠤ ᠬᠤᠭᠤᠯᠠᠢ ᠶᠢᠨ ᠪᠠᠭᠰᠢ ᠨᠠᠷ ᠲᠤ ᠲᠠᠯᠠᠷᠬᠠᠵᠤ ᠪᠠᠶᠢᠬᠤ ᠪᠠᠨ ᠢᠯᠡᠳᠬᠡᠵᠦ᠄ ︽ᠨᠡᠶᠢᠭᠡᠮ ᠲᠣᠭᠤᠷᠢᠭ ᠠᠴᠠ ᠡᠶᠢᠮᠦ ᠲᠦᠷᠭᠡᠨ ᠰᠢᠢᠳᠪᠦᠷᠢᠯᠡᠵᠦ᠂ ᠪᠢᠳᠡᠨ ᠤ ᠶᠡᠭᠡ ᠶᠠᠷᠰᠢᠭ ᠢ ᠰᠢᠢᠳᠪᠦᠷᠢᠯᠡᠴᠢᠬᠡᠨ᠎ᠡ︕︾ ᠭᠡᠵᠦ ᠲᠠᠯᠠᠷᠬᠠᠪᠠ᠃ ᠰᠢᠤᠢ ᠡᠭᠡᠴᠢ ᠠᠴᠠ᠄ ︽ᠦᠨᠡᠨᠴᠢ ᠢᠲᠡᠭᠡᠮᠵᠢᠲᠡᠶ ᠦᠢᠯᠡᠴᠢᠯᠡᠭᠡ ᠪᠣᠯ ᠪᠢᠳᠡᠨ ᠤ ᠡᠭᠦᠷᠭᠡ ᠮᠥᠨ᠂ ᠪᠢᠳᠡ ᠦᠨᠡᠨᠴᠢ ᠢᠲᠡᠭᠡᠮᠵᠢᠲᠡᠶ ᠣᠶᠢᠯᠠᠭᠠᠭᠳᠠᠬᠤᠨ ᠢᠶᠠᠷ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠦᠨᠡᠨ ᠬᠦ ᠬᠠᠷᠢᠭᠤᠯᠲᠠ ᠥᠭᠴᠦ ᠣᠯᠠᠨ ᠲᠦᠮᠡᠨ ᠤ ᠪᠣᠳᠠᠲᠠᠶ ᠠᠰᠠᠭᠤᠳᠠᠯ ᠢ ᠯᠠᠪᠳᠠᠭᠤᠨ ᠪᠠᠲᠤᠲᠠᠶ ᠰᠢᠢᠳᠪᠦᠷᠢᠯᠡᠪᠡᠯ ᠵᠣᠬᠢᠨ᠎ᠠ︾ ᠬᠡᠵᠡᠢ᠃ ᠡᠨᠡ ᠨᠢ ᠦᠨᠡᠨᠴᠢ ᠢᠲᠡᠭᠡᠮᠵᠢ ᠶᠢᠨ ᠡᠭᠦᠷᠭᠡ ᠶᠢ ᠤᠶᠢᠯᠡᠳᠤᠯᠭᠡᠵᠢᠭᠦᠯᠦᠭᠰᠡᠨ ᠢᠶᠠᠷ ᠪᠠᠷᠠᠬᠤ ᠥᠬᠡᠶ᠂ ᠪᠠᠰᠠ ᠦᠨᠡᠨᠴᠢ ᠰᠢᠳᠤᠷᠭᠤ ᠠᠵᠢᠯ ᠶᠠᠪᠤᠳᠠᠯ ᠬᠢᠬᠦ ᠦᠷ᠎ᠡ ᠪᠦᠲᠦᠮᠵᠢ ᠶᠢ ᠭᠡᠷᠡᠴᠢᠯᠡᠵᠡᠶ᠃
 
ᠢᠷᠡᠯᠲᠡ᠄ ᠮᠢᠨ ᠰᠢᠨ ᠵᠠᠮ ᠤᠨ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号