ᠬᠠᠩᠰᠢ ᠶᠢᠨ ᠡᠳᠦᠷ ᠤᠨ ᠪᠣᠯᠪᠠᠰᠤᠨ ᠲᠠᠬᠢᠯᠭ᠎ᠠ ᠶᠢᠨ ᠪᠢᠴᠢᠭ | ᠬᠠᠩᠰᠢ ᠶᠢᠨ ᠡᠳᠦᠷ ᠳᠤᠮᠳᠠᠳᠤ ᠶᠢᠨ ᠦᠨᠳᠦᠰᠦᠲᠡᠨ ᠤ ᠡᠪᠦᠭᠡ ᠳᠡᠭᠡᠳᠦᠰ ᠢᠶᠠᠨ ᠲᠠᠬᠢᠬᠤ᠂ ᠨᠠᠰᠤ | ᠨᠥᠭᠴᠢᠭᠰᠡᠳ ᠢᠶᠠᠨ ᠳᠤᠷᠠᠰᠤᠨ ᠰᠠᠨᠠᠭᠠᠯᠵᠠᠵᠤ᠂ ᠣᠩᠭᠤᠨ ᠱᠦᠭᠦᠷᠳᠡᠬᠦ᠂ ᠡᠪᠦᠭᠡ ᠳᠡᠭᠡᠳᠦᠰ ᠢᠶᠠᠨ ᠲᠠᠬᠢᠬᠤ ᠨᠢ | ᠨᠢᠭᠡᠨᠲᠡ ᠤᠯᠠᠮᠵᠢᠯᠠᠯᠲᠤ ᠵᠠᠩ ᠳᠠᠳᠬᠠᠯ ᠪᠣᠯᠤᠭᠰᠠᠨ ᠪᠠᠶᠢᠨ᠎ᠠ᠃ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠵᠤ᠂ | ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠪᠠᠳᠠᠷᠠᠭᠤᠯᠵᠤ᠂ ᠣᠳᠣ ᠦᠶ᠎ᠡ ᠶᠢᠨ ᠣᠷᠣᠰᠢᠭᠤᠯᠭ᠎ᠠ ᠶᠢᠨ ᠰᠣᠶᠣᠯ ᠤᠨ | ᠣᠶᠢᠯᠠᠭᠠᠭᠳᠠᠬᠤᠨ ᠢ ᠰᠠᠨᠠᠭᠠᠴᠢᠯᠠᠵᠤ᠂ ︽ᠵᠠᠩ ᠳᠠᠳᠬᠠᠯ ᠢ ᠥᠭᠡᠷᠡᠴᠢᠯᠡᠬᠦ᠂ ᠪᠣᠯᠪᠠᠰᠤᠨ ᠲᠠᠬᠢᠯᠭ᠎ᠠ᠂ ᠪᠣᠬᠢᠷᠲᠤᠯ | ᠦᠭᠡᠢ ᠭᠡᠭᠡᠨ ᠰᠠᠷᠠᠭᠤᠯ᠂ ᠰᠣᠶᠣᠯ ᠤᠨ ᠬᠠᠩᠰᠢ︾ ᠭᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠬᠤ ᠶᠢᠨ ᠲᠥᠯᠥᠭᠡ᠂ ᠡᠷᠡᠭᠦᠯ ᠴᠢᠭᠢᠷᠠᠭ᠂ ᠪᠣᠯᠪᠠᠰᠤᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠠᠩᠰᠢ ᠶᠢᠨ ᠡᠳᠦᠷ ᠢ ᠥᠩᠭᠡᠷᠡᠭᠦᠯᠦᠶ᠎ᠡ᠂ ᠪᠢᠳᠡ ᠥᠷᠭᠡᠨ ᠤᠯᠠᠨ ᠬᠤᠳᠠ ᠶᠢᠨ ᠠᠷᠠᠳ ᠨᠠᠶᠢᠵᠠ ᠨᠠᠷ | ᠪᠣᠯᠪᠠᠰᠤᠨ ᠢᠶᠠᠷ ᠲᠠᠬᠢᠯᠭ᠎ᠠ ᠬᠢᠵᠦ᠂ ᠪᠣᠯᠪᠠᠰᠤᠨ ᠰᠢᠨ᠎ᠡ ᠰᠤᠷᠲᠠᠯ ᠢ ᠪᠠᠳᠠᠷᠠᠭᠤᠯᠬᠤ ᠶᠢ ᠰᠠᠨᠠᠭᠠᠴᠢᠯᠠᠶ᠎ᠠ᠃ | ᠠᠶᠤᠯ ᠦᠭᠡᠶ ᠲᠠᠬᠢᠯᠭ᠎ᠠ | ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠦᠭᠡᠢ᠂ ᠠᠮᠢ ᠨᠠᠰᠤ ᠠᠭᠤᠯᠠ ᠮᠡᠲᠦ ᠴᠢᠬᠤᠯᠠ᠃ ᠠᠮᠤᠷ | ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠠᠭᠤᠯᠠᠨ ᠣᠷᠣᠢ᠂ ᠣᠶᠢᠲᠤ ᠭᠠᠵᠠᠷ᠂ ᠡᠪᠡᠰᠦᠲᠦ ᠭᠠᠵᠠᠷ᠂ ᠵᠡᠭᠡᠯᠢ | ᠭᠤᠳᠤᠮᠵᠢ᠂ ᠵᠠᠮ ᠤᠨ ᠠᠭᠤᠯᠵᠠᠷ ᠵᠡᠷᠭᠡ ᠣᠷᠣᠨ ᠪᠦᠰᠡ ᠳᠤ ᠢᠯᠡ ᠭᠠᠯ ᠬᠡᠷᠡᠭᠯᠡᠬᠦ ᠂ ᠠᠯᠢᠪᠠ ᠠᠮᠤᠷ ᠲᠦᠪᠰᠢᠨ | ᠪᠤᠰᠤ ᠳᠠᠯᠳᠠ ᠭᠡᠮ ᠡᠭᠦᠰᠬᠦ ᠶᠢ ᠡᠷᠡᠰ ᠬᠤᠷᠢᠭᠯᠠᠵᠤ᠂ ᠬᠥᠮᠦᠨ ᠤ ᠪᠡᠶ᠎ᠡ ᠶᠢᠨ ᠡᠷᠡᠭᠦᠯ ᠮᠡᠨᠳᠦ ᠪᠠ ᠤᠯᠠᠨ | ᠨᠡᠶᠢᠲᠡ ᠶᠢᠨ ᠡᠳ᠋ ᠬᠦᠷᠦᠩᠭᠡ ᠶᠢᠨ ᠠᠮᠤᠷ ᠲᠦᠪᠰᠢᠨ ᠢ ᠬᠤᠬᠢᠷᠠᠭᠤᠯᠬᠤ ᠶᠢ ᠳᠡᠪᠴᠢᠬᠦ ᠬᠡᠷᠡᠭᠲᠡᠢ᠃ | ᠪᠣᠯᠪᠠᠰᠤᠨ ᠲᠠᠬᠢᠯᠭ᠎ᠠ | ᠪᠣᠬᠢᠷᠲᠤᠯ ᠥᠬᠡᠢ ᠬᠠᠩᠰᠢ᠂ ᠪᠣᠯᠪᠠᠰᠤᠨ ᠮᠦᠷᠦᠭᠡᠳᠦᠯ᠃ ᠪᠣᠯᠪᠠᠰᠤᠨ ᠪᠤᠰᠤ ᠲᠠᠬᠢᠯᠭ᠎ᠠ ᠶᠢᠨ ᠠᠷᠭ᠎ᠠ ᠶᠢ | ᠤᠬᠠᠮᠰᠠᠷ ᠠᠴᠠ ᠪᠠᠨ ᠲᠠᠶᠠᠭᠳᠠᠵᠤ᠂ ᠲᠥᠪᠯᠡᠷᠡᠭᠦᠯᠦᠨ ᠲᠠᠬᠢᠯᠭ᠎ᠠ ᠬᠢᠬᠦ ᠠᠷᠭ᠎ᠠ ᠪᠠᠷ ᠨᠥᠭᠴᠢᠭᠰᠡᠳ ᠲᠤ ᠲᠠᠬᠢᠯᠭ᠎ᠠ | ᠬᠢᠨ᠎ᠡ᠃ ᠥᠷᠭᠡᠨ ᠣᠯᠠᠨ ᠨᠠᠮ ᠤᠨ ᠭᠡᠰᠢᠭᠦᠨ ᠺᠠᠲᠠᠷ᠂ ᠠᠯᠪᠠᠨ ᠲᠤᠰᠢᠶᠠᠯᠲᠠᠨ ᠪᠡᠶ᠎ᠡ ᠪᠠᠷ ᠢᠶᠠᠨ ᠬᠡᠪ ᠳᠦᠷᠢᠮ | ᠪᠣᠯᠵᠤ᠂ ᠪᠣᠯᠪᠠᠰᠤᠨ ᠲᠠᠬᠢᠯᠭ᠎ᠠ ᠶᠢᠨ ᠬᠤᠰᠢᠭᠤᠴᠢ ᠪᠣᠯᠵᠤ᠂ ᠪᠣᠳᠠᠲᠤ ᠠᠵᠢᠯᠯᠠᠭ᠎ᠠ ᠪᠠᠷ ᠢᠶᠠᠨ ᠳᠡᠷᠭᠡᠳᠡᠬᠢ ᠣᠯᠠᠨ | ᠲᠦᠮᠡᠨ ᠢ ᠨᠥᠯᠥᠭᠡᠯᠡᠨ ᠳᠠᠶᠢᠴᠢᠯᠠᠬᠤ ᠬᠡᠷᠡᠭᠲᠡᠶ᠃ ᠣᠶᠢᠷ᠎ᠠ ᠶᠢᠨ ᠬᠤᠭᠤᠴᠠᠭᠠᠨ ᠳᠤ᠂ ᠮᠠᠨ ᠤ ᠣᠷᠣᠨ ᠲᠡᠤᠬᠡ ᠶᠢᠨ | ᠲᠥᠪᠯᠡᠷᠡᠭᠦᠯᠦᠨ ᠪᠤᠯᠠᠰᠢᠯᠠᠬᠤ ᠭᠠᠵᠠᠷ ︵ᠡᠪ ᠬᠠᠮᠲᠤ ᠵᠠᠯᠠᠭᠤᠴᠤᠳ ᠤᠨ ᠨᠡᠶᠢᠲᠡ ᠶᠢᠨ ᠣᠩᠭᠤᠨ︶ ᠤᠨ ᠣᠷᠴᠢᠨ | ᠲᠣᠭᠤᠷᠢᠨ ᠢ ᠴᠡᠭᠴᠡᠯᠡᠨ ᠰᠠᠶᠢᠵᠢᠷᠠᠭᠤᠯᠵᠤ᠂ ᠪᠣᠯᠪᠠᠰᠤᠨ ᠢᠶᠠᠷ ᠲᠠᠬᠢᠯᠭ᠎ᠠ ᠬᠢᠵᠦ ᠣᠷᠣᠰᠢᠭᠤᠯᠭ᠎ᠠ ᠶᠢ ᠵᠠᠰᠠᠬᠤ | ᠲᠠᠯᠠᠪᠤᠷ ᠪᠠᠶᠢᠭᠤᠯᠵᠤ᠂ ᠦᠨ᠎ᠡ ᠲᠥᠯᠥᠪᠦᠷᠢ ᠥᠬᠡᠶ ᠪᠠᠷ ᠨᠡᠶᠢᠭᠡᠮ ᠨᠡᠶᠢᠲᠡ ᠳᠤ ᠨᠡᠭᠡᠭᠡᠪᠡ᠂ ᠲᠤᠬᠠᠶ ᠶᠢᠨ | ᠲᠠᠯᠠᠪᠠᠶ ᠳᠤ ︽ᠰᠣᠷᠭᠤᠭ ᠴᠡᠴᠡᠭ ᠴᠠᠭᠠᠰᠤᠨ ᠵᠣᠭᠤᠰ︾᠂ ︽ᠲᠣᠷᠭᠠᠨ ᠪᠦᠰᠡᠳᠡ ᠪᠠᠷ ᠭᠠᠰᠢᠭᠤᠳᠠᠯ ᠢᠶᠠᠨ | ᠢᠯᠡᠳᠭᠡᠬᠦ︾ ᠵᠡᠷᠭᠡ ᠠᠵᠢᠯᠯᠠᠭ᠎ᠠ ᠦᠷᠨᠢᠭᠦᠯᠦᠨ᠎ᠡ᠃ | ᠠᠷᠪᠢᠴᠢ ᠭᠠᠮᠲᠠᠶ ᠲᠠᠬᠢᠯᠭ᠎ᠠ | ᠵᠤᠵᠠᠭᠠᠨ ᠳᠠᠬᠢᠯᠭ᠎ᠠ ᠬᠢᠬᠦ ᠪᠠᠷ ᠢᠶᠠᠨ ᠤᠳᠤᠬᠠᠨ ᠳᠤ ᠪᠠᠨ ᠡᠯᠪᠡᠷᠢᠵᠦ ᠠᠴᠢᠯᠠᠬᠤ ᠨᠢ ᠳᠡᠭᠡᠷ᠎ᠡ ᠃ | ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠶᠡᠬᠡᠪᠡᠷ | ᠪᠠᠳᠠᠷᠠᠭᠤᠯᠵᠤ᠂ ᠨᠠᠰᠤᠲᠠᠶᠢᠴᠤᠳ ᠳᠤ ᠪᠠᠨ ᠢᠯᠡᠭᠦᠬᠡᠨ ᠬᠠᠨᠢ ᠪᠤᠯᠤᠨ᠎ᠠ᠃ ᠨᠠᠰᠤᠲᠠᠨ ᠨᠠᠰᠤ ᠪᠠᠷᠠᠭᠰᠠᠨ ᠤ | ᠳᠠᠷᠠᠭ᠎ᠠ ᠶᠡᠭᠡ ᠪᠠᠷ ᠬᠢᠬᠦ ᠦᠭᠡᠢ᠂ ᠠᠳᠠᠯᠢᠳᠬᠠᠬᠤ ᠦᠭᠡᠢ᠂ ᠯᠠᠷᠵᠢᠶ᠎ᠠ ᠲᠠᠲᠠᠬᠤ ᠦᠭᠡᠢ᠂᠂ ᠪᠣᠯᠪᠠᠰᠤᠨ ᠠᠷᠪᠢᠯᠠᠨ | ᠭᠠᠮᠨᠠᠬᠤ ᠶᠢ ᠡᠷᠬᠢᠮᠯᠡᠨ᠎ᠡ᠃ ᠭᠡᠷ ᠪᠦᠯᠢ ᠶᠢᠨ ᠳᠤᠷᠠᠰᠤᠨ ᠰᠠᠨᠠᠭᠠᠯᠵᠠᠬᠤ᠂ ᠭᠡᠷ ᠪᠦᠯᠢ ᠶᠢᠨ ᠲᠡᠦᠬᠡ ᠶᠢ ᠡᠷᠭᠢᠴᠡᠭᠦᠯᠬᠦ᠂ | ᠭᠡᠷ ᠤᠨ ᠰᠤᠷᠲᠠᠯ ᠢ ᠰᠠᠶᠢᠲᠤᠷ ᠤᠯᠠᠮᠵᠢᠯᠠᠬᠤ ᠵᠡᠷᠭᠡ ᠰᠢᠨ᠎ᠡ ᠠᠷᠭ᠎ᠠ ᠬᠡᠯᠪᠡᠷᠢ ᠪᠠᠷ ᠲᠠᠬᠢᠯᠭ᠎ᠠ ᠶᠢᠨ ᠠᠵᠢᠯᠯᠠᠭ᠎ᠠ | ᠥᠷᠨᠢᠭᠦᠯᠬᠦ ᠶᠢ ᠰᠠᠨᠠᠭᠠᠴᠢᠯᠠᠪᠠ᠃ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ ᠲᠥᠪ ᠰᠤᠷᠲᠠᠯ ᠢ ᠪᠠᠳᠠᠷᠠᠭᠤᠯᠵᠤ᠂ | ᠬᠠᠭᠤᠴᠢᠨ ᠶᠣᠰᠣ ᠪᠦᠳᠦᠭᠦᠯᠢᠭ ᠳᠠᠳᠬᠠᠯ ᠢ ᠲᠠᠶᠠᠭᠳᠠᠵᠤ᠂ ᠠᠮᠢ ᠠᠬᠤᠢ ᠶᠢᠨ ᠪᠣᠯᠪᠠᠰᠤᠨ ᠤ ᠰᠢᠨ᠎ᠡ ᠰᠤᠷᠲᠠᠯ ᠢ | ᠬᠥᠲᠥᠯᠥᠨ ᠳᠠᠭᠠᠭᠤᠯᠤᠨ᠎ᠠ᠃ | ᠪᠢᠳᠡ ᠢᠳᠡᠪᠬᠢᠲᠡᠢ ᠬᠥᠳᠡᠯᠦᠯᠴᠡᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠭᠡᠷ ᠪᠦᠯᠢ ᠠᠴᠠ | ᠡᠬᠢᠯᠡᠨ ᠬᠢᠵᠦ᠂ ᠣᠳᠣ ᠠᠴᠠ ᠡᠬᠢᠯᠡᠨ ᠬᠢᠵᠦ᠂ ᠪᠣᠯᠪᠠᠰᠤᠨ ᠠᠮᠤᠷ ᠲᠦᠪᠰᠢᠨ ᠤ ᠲᠠᠬᠢᠯᠭ᠎ᠠ ᠶᠢᠨ ᠠᠷᠭ᠎ᠠ | ᠬᠡᠯᠪᠡᠷᠢ ᠪᠠᠷ ᠠᠬᠠᠮᠠᠳ ᠦᠶ᠎ᠡ ᠶᠢᠨ ᠬᠢᠨ ᠢ ᠰᠠᠨᠠᠭᠠᠯᠵᠠᠵᠤ᠂ ᠨᠠᠰᠤ ᠨᠥᠭᠴᠢᠭᠰᠡᠳ ᠢ ᠳᠤᠷᠠᠰᠤᠨ ᠰᠠᠨᠠᠭᠠᠯᠵᠠᠵᠤ᠂ | ᠠᠮᠢ ᠠᠬᠤᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠢ ᠬᠠᠮᠲᠤ ᠪᠠᠷ ᠪᠠᠶᠢᠭᠤᠯᠵᠤ᠂ ᠪᠣᠯᠪᠠᠰᠤᠨ ᠤ | ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠦᠢᠯᠡᠳᠦᠯᠭᠡᠵᠢᠭᠦᠯᠬᠦ ᠳᠤ ᠬᠦᠴᠦᠨ ᠴᠢᠳᠠᠯ ᠢᠶᠠᠨ ᠡᠷᠭᠦᠶ᠎ᠡ︕ | | |