ᠢᠳᠡᠭᠡᠨ ᠤ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠶᠠᠳᠤᠭᠠᠷ | ᠳᠤᠮᠳᠠᠳᠤ ᠰᠤᠷᠭᠠᠭᠤᠯᠢ ᠶᠢᠨ ᠬᠤᠭᠤᠯᠠᠨ ᠬᠡᠷ ᠲᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ | ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠬᠢᠪᠡ᠃ | ᠲᠣᠰ ᠤᠳᠠᠭᠠᠨ ᠤ ᠰᠣᠷᠢᠯᠲᠠ ᠳᠤ ᠬᠤᠶᠠᠷ ᠰᠣᠷᠣᠭᠴᠢ ᠰᠤᠷᠭᠠᠭᠤᠯᠢ ᠶᠢᠨ ᠬᠤᠭᠤᠯᠠᠨ ᠬᠡᠷ ᠲᠤ ᠬᠤᠭᠤᠯᠠ | ᠢᠳᠡᠭᠰᠡᠨ ᠤ ᠳᠠᠷᠠᠭ᠎ᠠ᠂ ᠪᠥᠭᠡᠯᠵᠢᠰᠦ ᠬᠦᠷᠴᠦ ᠪᠥᠭᠡᠯᠵᠢᠬᠦ᠂ ᠭᠡᠳᠡᠰᠦ ᠡᠪᠡᠳᠬᠦ ᠵᠡᠷᠭᠡ ᠢᠳᠡᠭᠡᠨ ᠤ | ᠬᠤᠤᠷᠳᠠᠯᠭ᠎ᠠ ᠶᠢᠨ ᠰᠡᠵᠢᠭ ᠲᠠᠢ ᠪᠠᠶᠢᠳᠠᠯ ᠢᠯᠡᠷᠡᠵᠦ᠂ ᠢᠳᠡᠭᠡᠨ ᠤ ᠠᠮᠤᠷ ᠲᠦᠪᠰᠢᠨ ᠤ ᠭᠡᠨᠡᠳᠲᠡ ᠶᠢᠨ ᠬᠡᠷᠡᠭ ᠢ | ᠪᠣᠶ ᠪᠣᠯᠭᠠᠭᠰᠠᠨ ᠪᠥᠭᠡᠳ ᠬᠡᠷᠡᠭ ᠡᠭᠦᠰᠬᠦ᠂ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠬᠤ᠂ ᠪᠠᠶᠢᠴᠠᠭᠠᠨ | ᠰᠢᠢᠳᠪᠦᠷᠢᠯᠡᠬᠦ ᠵᠡᠷᠭᠡ ᠠᠯᠬᠤᠮ ᠳᠠᠷᠠᠭ᠎ᠠ ᠶᠣᠰᠣᠭᠠᠷ ᠡᠮᠬᠢ ᠵᠢᠷᠤᠮ ᠲᠠᠢ ᠶᠠᠪᠤᠭᠳᠠᠪᠠ᠃ | ᠰᠣᠷᠢᠯᠲᠠ ᠳᠤ᠂ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠬᠤᠪᠣᠷ ᠰᠢᠷᠣᠶ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠰᠤᠷᠭᠠᠨ ᠬᠥᠮᠦᠵᠢᠯ᠂ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠦᠳᠲᠡᠷ ᠲᠦᠷᠭᠡᠨ | ᠴᠤᠤᠷᠢᠶᠠᠲᠤᠨ ᠳᠠᠭᠠᠵᠤ᠂ ᠲᠤᠬᠠᠶ ᠶᠢᠨ ᠲᠠᠯᠠᠪᠤᠷ ᠲᠤ ᠳᠠᠷᠦ᠋ᠢᠬᠠᠨ ᠰᠢᠢᠳᠪᠦᠷᠢᠯᠡᠬᠦ ᠠᠵᠢᠯ ᠥᠷᠨᠢᠭᠦᠯᠪᠡ᠃ ᠬᠠᠤᠯᠢ | ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠬᠦᠷᠦᠭᠰᠡᠨ ᠤ ᠳᠠᠷᠠᠭ᠎ᠠ᠂ ᠬᠤᠭᠤᠯᠠᠨ ᠬᠡᠷ ᠤᠨ ᠳᠣᠲᠣᠷᠠᠬᠢ | ᠰᠡᠵᠢᠭᠲᠡᠶ ᠢᠳᠡᠭᠡᠨ᠂ ᠲᠦᠭᠦᠬᠡᠶ ᠮᠠᠲ᠋ᠧᠷᠢᠶᠠᠯ ᠵᠢᠴᠢ ᠬᠠᠮᠢᠶ᠎ᠠ ᠪᠥᠬᠦᠶ ᠪᠠᠭᠠᠵᠢ ᠬᠡᠷᠡᠭᠰᠡᠯ ᠵᠡᠷᠭᠡ ᠶᠢ ᠲᠡᠷᠡ | ᠳᠠᠷᠤᠶ ᠳᠤᠨᠢ ᠪᠢᠲᠡᠭᠦᠮᠵᠢᠯᠡᠨ ᠬᠠᠳᠠᠭᠠᠯᠠᠵᠤ᠂ ᠭᠡᠷᠡᠴᠢ ᠪᠠᠷᠢᠮᠲᠠ ᠶᠢᠨ ᠭᠡᠭᠡᠭᠳᠡᠬᠦ ᠶᠢ ᠰᠡᠷᠭᠡᠶᠢᠯᠡᠨ ᠬᠤᠷᠢᠭᠯᠠᠪᠠ᠃ | ᠳᠠᠷᠠᠭ᠎ᠠ ᠨᠢ ᠬᠤᠭᠤᠯᠠᠨ ᠭᠡᠷ ᠤᠨ ᠢᠳᠡᠭᠡᠨ ᠢ ᠬᠤᠳᠠᠯᠳᠤᠨ ᠠᠪᠬᠤ᠂ ᠬᠠᠳᠠᠭᠠᠯᠠᠬᠤ ᠠᠴᠠ ᠡᠳ᠋ᠰᠢᠭᠦᠯᠬᠦ᠂ | ᠪᠣᠷᠣᠯᠠᠭᠤᠯᠬᠤ ᠭᠤᠭᠴᠤᠭ᠎ᠠ ᠨᠢᠭᠡᠪᠦᠷᠢ ᠳᠤ ᠪᠠᠶᠢᠴᠠᠭᠠᠯᠲᠠ ᠬᠢᠪᠡ᠃ | ᠰᠣᠷᠢᠯᠲᠠ ᠳᠠᠭᠤᠰᠤᠭᠰᠠᠨ ᠤ ᠳᠠᠷᠠᠭ᠎ᠠ᠂ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠢ | ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤᠮᠳᠠᠬᠢ ᠭᠤᠤᠯᠳᠠᠯᠭ᠎ᠠ᠂ ᠬᠦᠴᠢᠷᠳᠡᠯ᠂ | ᠠᠮᠠᠷᠬᠠᠨ ᠪᠤᠷᠤᠭᠤ ᠴᠡᠭ ᠲᠤ ᠴᠢᠭᠯᠡᠭᠦᠯᠦᠨ ᠴᠠᠭ ᠲᠤᠬᠠᠶ ᠳᠤᠨᠢ ᠳᠠᠬᠢᠨ ᠳᠠᠪᠲᠠᠨ ᠳ᠋ᠦᠩᠨᠡᠪᠡ᠃ ᠲᠣᠰ ᠤᠳᠠᠭᠠᠨ ᠤ | ᠰᠣᠷᠢᠯᠲᠠ ᠪᠠᠷ ᠳᠠᠮᠵᠢᠭᠤᠯᠤᠨ ᠬᠠᠷᠢᠶᠠᠲᠤ ᠣᠷᠣᠨ ᠤ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠵᠢᠯ ᠤᠨ ᠲᠠᠰ ᠳᠠᠷᠠᠭᠠᠯᠠᠯ ᠢ ᠨᠠᠷᠢᠯᠢᠬᠵᠢᠭᠤᠯᠤᠨ᠂ ᠬᠢᠨᠠᠨ ᠬᠠᠮᠢᠶᠠᠷᠬᠤ | ᠠᠵᠢᠯᠲᠠᠨ ᠪᠠ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ | | | |