ᠬᠤᠶᠠᠷ ᠵᠢᠯ ᠭᠠᠷᠤᠢ ᠶᠢᠨ ᠵᠢᠷᠤᠭ ᠲᠥᠯᠥᠪᠯᠡᠭᠡ᠂ ᠲᠤᠷᠰᠢᠯᠲᠠ᠂ ᠲᠣᠬᠢᠷᠠᠭᠤᠯᠤᠨ ᠰᠠᠢᠵᠢᠷᠠᠭᠤᠯᠬᠤ ᠪᠠᠷ | ᠳᠠᠮᠵᠢᠨ᠂ ᠤᠶᠢᠷ᠎ᠠ ᠶᠢᠨ ᠡᠳᠦᠷ᠂ ᠪᠤᠭᠤᠲᠤ ᠶᠢᠨ ᠬᠤᠪᠣᠷ ᠰᠢᠷᠤᠢ ᠶᠢᠨ ᠰᠤᠳᠤᠯᠭᠠᠨ ᠤ ᠬᠦᠷᠢᠶᠡᠯᠡᠩ ᠤᠨ | ᠰᠣᠷᠢᠨᠵᠢᠨ ᠢᠶᠠᠷ ᠬᠥᠯᠳᠡᠭᠡᠬᠦ ᠰᠡᠳᠦᠪ ᠤᠨ ᠳᠤᠭᠤᠢᠯᠠᠩ ᠭᠡᠷ ᠤᠨ ᠳᠤᠯᠠᠭᠠᠨ ᠰᠣᠷᠢᠨᠵᠢᠨ ᠬᠥᠯᠳᠡᠭᠡᠬᠦ ᠮᠠᠰᠢᠨ ᠤ | ᠴᠢᠳᠠᠪᠬᠢ ᠶᠢᠨ ᠶᠡᠷᠦᠩᠬᠡᠢᠯᠡᠭᠰᠡᠨ ᠲᠤᠷᠰᠢᠯᠲᠠ ᠶᠢᠨ ᠰᠢᠰᠲ᠋ᠧᠮ ᠢ ᠠᠮᠵᠢᠯᠲᠠ ᠲᠠᠢ ᠰᠤᠳᠤᠯᠤᠨ ᠨᠡᠭᠡᠭᠡᠪᠡ᠃ ᠠᠩᠬ᠎ᠠ | ᠠᠯᠬᠤᠮ ᠤᠨ ᠰᠢᠯᠭᠠᠯᠲᠠ ᠪᠠᠷ ᠳᠠᠮᠵᠢᠨ᠂ ᠲᠣᠰ ᠰᠢᠰᠲ᠋ᠧᠮ ᠤᠨ ᠴᠢᠳᠠᠮᠵᠢ ᠪᠦᠷᠢᠨ ᠲᠡᠭᠦᠯᠳᠡᠷ᠂ ᠰᠢᠯᠭᠠᠨ ᠲᠤᠷᠰᠢᠬᠤ | ᠭᠦᠢᠴᠡᠳᠭᠡᠯ ᠲᠤᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠡᠳᠦᠪ ᠤᠨ ᠳᠤᠭᠤᠶᠢᠯᠠᠩ ᠤᠨ ᠣᠯᠠᠨ ᠵᠢᠯ | ᠰᠣᠷᠢᠨᠵᠢᠨ ᠬᠥᠯᠳᠡᠭᠡᠬᠦ ᠮᠠᠰᠢᠨ ᠢ ᠰᠢᠯᠭᠠᠨ ᠪᠠᠶᠢᠴᠠᠭᠠᠵᠤ ᠦᠨᠡᠯᠡᠬᠦ ᠠᠷᠭ᠎ᠠ ᠪᠠᠷᠢᠯ ᠳᠤᠲᠠᠭᠳᠠᠵᠤ ᠪᠠᠶᠢᠭ᠎ᠠ | ᠠᠰᠠᠭᠤᠳᠠᠯ ᠢ ᠰᠢᠢᠳᠪᠦᠷᠢᠯᠡᠪᠡ᠃ | ᠲᠣᠰ ᠪᠠᠶᠢᠴᠠᠭᠠᠨ ᠰᠢᠯᠭᠠᠬᠤ ᠰᠢᠰᠲ᠋ᠧᠮ ᠨᠢ ᠣᠯᠠᠨ ᠵᠠᠭᠪᠤᠷ᠂ ᠣᠯᠠᠨ ᠴᠢᠳᠠᠮᠵᠢ᠂ ᠣᠯᠠᠨ ᠪᠣᠯᠵᠣᠯᠲᠤ | ᠲᠣᠭᠠᠨ ᠤ ᠭᠦᠢᠴᠡᠳᠬᠡᠯ ᠲᠤᠭ᠎ᠠ ᠶᠢᠨ ᠰᠣᠷᠢᠯᠲᠠ᠂ ᠮᠦᠨ ᠴᠦ ᠣᠯᠠᠨ ᠠᠵᠢᠯᠯᠠᠭᠠᠨ ᠤ ᠪᠣᠯᠵᠣᠯᠲᠤ ᠲᠤᠭ᠎ᠠ ᠶᠢ | ᠦᠷᠭᠦᠯᠵᠢᠯᠡᠨ ᠲᠣᠬᠢᠷᠠᠭᠤᠯᠤᠨ ᠡᠵᠡᠮᠳᠡᠬᠦ ᠵᠡᠷᠭᠡ ᠣᠨᠴᠠᠯᠢᠭ ᠲᠠᠢ ᠪᠠᠶᠢᠵᠤ᠂ ᠬᠡᠮᠵᠢᠨ ᠲᠤᠷᠰᠢᠬᠤ ᠰᠣᠷᠢᠨᠵᠢᠨ | ᠬᠥᠯᠳᠡᠭᠡᠬᠦ ᠮᠠᠰᠢᠨ ᠤ ᠠᠳᠠᠯᠢ ᠪᠤᠰᠤ ᠠᠵᠢᠯᠯᠠᠭᠠᠨ ᠤ ᠨᠥᠬᠦᠴᠡᠯ ᠳᠣᠣᠷᠠᠬᠢ ᠴᠢᠳᠠᠮᠵᠢ ᠶᠢᠨ ᠭᠦᠢᠴᠡᠳᠬᠡᠯ ᠲᠤᠭ᠎ᠠ ᠶᠢ | ᠳᠠᠭᠤᠷᠢᠶᠠᠬᠤ ᠪᠠᠷ ᠪᠠᠷᠠᠬᠤ ᠥᠬᠡᠶ᠂ ᠪᠠᠰᠠ ᠰᠣᠷᠢᠨᠵᠢᠨᠲᠤ ᠬᠥᠯᠳᠡᠭᠡᠬᠦ ᠮᠠᠰᠢᠨ ᠤ ᠴᠢᠳᠠᠮᠵᠢ ᠶᠢᠨ ᠳᠡᠭᠡᠭᠰᠢᠯᠡᠯᠲᠡ ᠳᠤ | ᠦᠨᠳᠦᠰᠦᠨ ᠪᠠᠲᠤᠯᠠᠭ᠎ᠠ ᠬᠠᠩᠭᠠᠵᠤ᠂ ᠣᠯᠠᠨ ᠵᠢᠯ ᠤᠨ ᠲᠤᠷᠰᠢ ᠰᠣᠷᠢᠨᠵᠢᠨ ᠬᠥᠯᠳᠡᠭᠡᠬᠦ ᠮᠠᠰᠢᠨ ᠤ ᠬᠥᠯᠳᠡᠭᠡᠬᠦ | ᠴᠢᠳᠠᠪᠤᠷᠢ ᠶᠢ ᠣᠨᠣᠪᠴᠢᠲᠠᠶ ᠬᠡᠮᠵᠢᠨ ᠰᠢᠯᠭᠠᠬᠤ ᠶᠢᠨ ᠠᠷᠭ᠎ᠠ ᠥᠬᠡᠶ ᠪᠠᠶᠢᠬᠤ ᠠᠰᠠᠭᠤᠳᠠᠯ ᠢ ᠰᠢᠢᠳᠪᠦᠷᠢᠯᠡᠪᠡ᠃ | ᠣᠯᠠᠨ ᠪᠣᠯᠵᠣᠯᠲᠤ ᠲᠤᠭ᠎ᠠ ᠶᠢ ᠲᠣᠭᠲᠠᠭᠠᠬᠤ ᠪᠠᠷ ᠳᠡᠮᠵᠢᠨ᠂ ᠰᠣᠷᠢᠨᠵᠢᠨ ᠢᠶᠠᠷ ᠬᠥᠯᠳᠡᠭᠡᠬᠦ ᠮᠠᠰᠢᠨ ᠤ ᠬᠥᠯᠳᠡᠭᠡᠬᠦ | ᠴᠢᠳᠠᠪᠤᠷᠢ ᠶᠢ ᠠᠮᠵᠢᠯᠲᠠ ᠲᠠᠢ ᠪᠠᠷ ᠳᠡᠭᠡᠭᠰᠢᠯᠡᠭᠦᠯᠦᠨ ᠵᠠᠭᠤᠨ ᠺᠢᠯᠣᠸᠠᠲ ᠤᠨ ᠲᠠᠰ ᠢ ᠰᠢᠪᠲᠤᠯᠬᠤ ᠶᠢᠨ ᠬᠠᠮᠲᠤ | ᠤᠯᠠᠮ ᠨᠢᠭᠡ ᠠᠯᠬᠤᠮ 150W ᠠᠴᠠ ᠳᠡᠭᠡᠭᠰᠢ ᠳᠤ ᠬᠦᠷᠦᠭᠦᠯᠵᠦ᠂ ᠰᠢᠨ᠎ᠡ ᠦᠷ᠎ᠡ ᠪᠦᠲᠦᠭᠡᠯ ᠢ ᠡᠭᠦᠳᠪᠡ᠃ | ᠡᠭᠦᠨ ᠤ ᠬᠠᠮᠲᠤ᠂ ᠠᠵᠢᠯᠯᠠᠭᠠᠨ ᠢ ᠰᠢᠯᠢᠳᠡᠭᠵᠢᠭᠦᠯᠬᠦ ᠪᠣᠯᠵᠣᠯᠲᠤ ᠲᠤᠭ᠎ᠠ ᠶᠢ ᠰᠢᠯᠢᠳᠡᠭᠵᠢᠭᠦᠯᠬᠦ ᠪᠠᠷ ᠳᠠᠮᠵᠢᠨ | ᠰᠣᠷᠢᠨᠵᠢᠨᠲᠤ ᠬᠥᠯᠳᠡᠭᠡᠬᠦ ᠮᠠᠰᠢᠨ ᠤ ᠬᠠᠮᠤᠭ ᠤᠨ ᠶᠡᠭᠡ ᠳᠤᠯᠠᠭᠠᠨ ᠢ 35 ℃ ᠠᠴᠠ ᠳᠡᠭᠡᠭᠰᠢ ᠳᠠᠪᠠᠭᠤᠯᠵᠣ᠂ ᠰᠢᠨ᠎ᠡ | ᠥᠷᠯᠥᠭ ᠬᠦᠰᠢᠶ᠎ᠡ ᠶᠢ ᠪᠣᠢ ᠪᠣᠯᠭᠠᠨ᠎ᠠ᠃ ᠡᠲᠡᠭᠡᠷ ᠪᠣᠯᠵᠣᠯᠲᠤ ᠲᠤᠭ᠎ᠠ ᠨᠢ ᠰᠣᠷᠢᠨᠵᠢᠨᠲᠤ ᠬᠥᠯᠳᠡᠭᠡᠬᠦ ᠮᠠᠰᠢᠨ ᠢ | ᠬᠡᠷᠡᠭᠯᠡᠬᠦ ᠳᠤ ᠰᠠᠭᠤᠷᠢ ᠲᠤᠭ᠎ᠠ ᠪᠠᠷᠢᠮᠲᠠ ᠬᠠᠩᠭᠠᠬᠤ ᠪᠠᠷ ᠪᠠᠷᠠᠬᠤ ᠥᠬᠡᠶ᠂ ᠪᠠᠰᠠ ᠤᠯᠤᠰ ᠤᠨ ᠣᠯᠠᠨ | ᠭᠤᠤᠯᠳᠠᠯᠭ᠎ᠠ ᠲᠠᠢ ᠲᠥᠷᠥᠯ ᠵᠦᠢᠯ ᠤᠨ ᠪᠠᠷᠢᠮᠵᠢᠶ᠎ᠠ ᠳᠤ ᠬᠦᠷᠬᠦ ᠳᠤ ᠬᠦᠴᠦᠨ ᠨᠡᠮᠡᠷᠢᠯᠡᠬᠦ ᠪᠣᠯᠤᠨ᠎ᠠ᠃ | ᠰᠢᠨ᠎ᠡ ᠡᠬᠢᠯᠡᠯᠲᠡ᠂ ᠰᠢᠨ᠎ᠡ ᠠᠶᠠᠨ ᠵᠠᠮ ᠂ ᠲᠠᠬᠢᠨ ᠮᠣᠷᠳᠠᠨ᠎ᠠ᠃ ᠵᠠᠯᠭᠠᠭᠠᠳ ᠪᠤᠭᠤᠲᠤ ᠶᠢᠨ ᠬᠤᠪᠣᠷ | ᠰᠢᠷᠣᠶ ᠶᠢᠨ ᠰᠤᠳᠤᠯᠭᠠᠨ ᠤ ᠬᠦᠷᠢᠶᠡᠯᠡᠩ ᠤᠨ ᠰᠣᠷᠢᠨᠵᠢᠨ ᠢᠶᠠᠷ ᠬᠥᠯᠳᠡᠭᠡᠬᠦ ᠰᠡᠳᠦᠪ ᠤᠨ ᠳᠤᠭᠤᠶᠢᠯᠠᠩ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ | ᠠᠵᠢᠯᠯᠠᠭᠠᠨ ᠤ ᠪᠣᠯᠵᠣᠯᠲᠤ ᠲᠤᠭ᠎ᠠ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ ᠳᠠᠯᠳᠠ ᠬᠦᠴᠦᠨ ᠢ ᠲᠠᠰᠤᠷᠠᠯᠲᠠ | ᠥᠬᠡᠶ ᠠᠭᠤᠳᠠᠯᠵᠤ᠂ ᠲᠠᠷᠠᠭᠠᠴᠢ ᠶᠢᠨ ᠬᠠᠷᠠᠯᠲᠠ ᠳᠠᠰᠢ ᠦᠷᠭᠦᠯᠵᠢᠯᠡᠨ ᠤᠷᠤᠭᠰᠢᠯᠠᠨ᠎ᠠ᠃ | |