2025 ᠣᠨ ᠤ 5 ᠰᠠᠷ᠎ᠠ ᠶᠢᠨ 13 ᠤ ᠡᠳᠦᠷ᠂ ᠮᠢᠨ ᠰᠢᠨ ᠬᠡᠷ ᠣᠷᠣᠨ ᠤ ᠨᠡᠶᠢᠭᠡᠮ ᠲᠣᠭᠤᠷᠢᠭ ᠤᠨ ᠬᠢᠨ | ᠮᠢᠨ ᠰᠢᠨ ᠵᠠᠮ ᠤᠨ ᠵᠡᠭᠡᠯᠢ ᠭᠤᠳᠤᠮᠵᠢ ᠶᠢᠨ ᠬᠤᠶᠠᠳᠤᠭᠠᠷ ᠳᠠᠪᠬᠤᠷᠯᠢᠭ ᠤᠨ ᠴᠢᠬᠡᠴᠢ ᠵᠠᠰᠠᠭ ᠤᠨ ᠰᠠᠭᠤᠷᠢᠨ | ᠭᠠᠵᠠᠷ ᠲᠤ ︽ᠰᠠᠶᠢᠨ ᠰᠠᠶᠢᠬᠠᠨ ᠠᠮᠢᠳᠤᠷᠠᠯ᠂ ᠢᠷᠭᠡᠨ ᠤ ᠬᠠᠤᠯᠢ ᠶᠢᠨ ᠪᠢᠴᠢᠭ ᠢ ᠤᠶᠠᠯᠳᠤᠭᠤᠯᠬᠤ︾ ᠭᠤᠤᠯ | ᠰᠡᠳᠦᠪᠲᠦ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠳᠤ ᠣᠷᠣᠯᠴᠠᠭᠰᠠᠨ ᠰᠠᠭᠤᠭᠠᠯᠢ | ᠠᠷᠠᠳ ᠤᠨ ᠲᠥᠯᠥᠭᠡᠯᠡᠭᠴᠢ ᠵᠢᠴᠢ ᠨᠠᠮ ᠤᠨ ᠭᠡᠰᠢᠭᠦᠨ ᠤ ᠲᠥᠯᠥᠭᠡᠯᠡᠭᠴᠢᠳ ᠲᠤ ︽ᠢᠷᠭᠡᠨ ᠤ ᠬᠠᠤᠯᠢ ᠶᠢᠨ ᠪᠢᠴᠢᠭ | ︾ ᠤᠨ ᠬᠠᠮᠢᠶ᠎ᠠ ᠪᠥᠬᠦᠶ ᠮᠡᠳᠡᠯᠭᠡ ᠶᠢ ᠤᠬᠠᠭᠤᠯᠵᠤ᠂ ᠰᠠᠭᠤᠭᠠᠯᠢ ᠠᠷᠠᠳ ᠤᠨ ᠬᠠᠤᠯᠢ ᠶᠢ ᠮᠡᠳᠡᠬᠦ᠂ ᠬᠠᠤᠯᠢ ᠶᠢ | ᠣᠶᠢᠯᠠᠭᠠᠬᠤ᠂ ᠬᠠᠤᠯᠢ ᠶᠢ ᠬᠡᠷᠡᠭᠯᠡᠬᠦ᠂ ᠠᠮᠢᠳᠤᠷᠠᠯ ᠳᠤᠮᠳᠠ ᠬᠠᠤᠯᠢ ᠴᠠᠭᠠᠵᠠ ᠶᠢᠨ ᠵᠡᠪᠰᠡᠭ ᠢᠶᠠᠷ ᠲᠣᠰ ᠪᠡᠶ᠎ᠡ ᠶᠢᠨ | ᠡᠷᠬᠡ ᠠᠰᠢᠭ ᠢᠶᠠᠨ ᠬᠠᠮᠠᠭᠠᠯᠠᠬᠤ ᠶᠢ ᠤᠶᠢᠯᠭᠠᠭᠤᠯᠪᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠨᠡᠶᠢᠲᠡ 7 | ᠪᠦᠯᠦᠭ᠂ 1260 ᠵᠦᠢᠯ ᠪᠠᠶᠢᠵᠤ᠂ ᠡᠯ᠎ᠡ ᠠᠩᠬᠢ ᠳᠠᠷᠠᠭᠠᠯᠠᠨ ᠶᠡᠷᠦᠩᠬᠡᠢ ᠲᠦᠷᠢᠮ᠂ ᠪᠣᠳᠠᠰ ᠤᠨ ᠡᠷᠬᠡ᠂ ᠭᠡᠷ᠎ᠡ᠂ | ᠬᠥᠮᠦᠨ ᠤ ᠡᠷᠬᠡ ᠂ ᠤᠷᠤᠭ ᠭᠡᠷ ᠪᠦᠯᠢ᠂ ᠥᠪ ᠵᠠᠯᠭᠠᠮᠵᠢᠯᠠᠬᠤ᠂ ᠡᠷᠬᠡ ᠳᠤ ᠬᠠᠯᠳᠠᠭᠰᠠᠨ ᠬᠠᠷᠢᠭᠤᠴᠠᠯᠭ᠎ᠠ ᠵᠢᠴᠢ | ᠳᠠᠭᠠᠯᠳᠤᠭᠤᠯᠤᠭᠰᠠᠨ ᠲᠦᠷᠢᠮ ᠪᠣᠯᠤᠨ᠎ᠠ᠃ ᠪᠦᠬᠦ ᠵᠣᠬᠢᠶᠠᠯ ᠨᠢ ᠠᠷᠠᠳ ᠲᠦᠮᠡᠨ ᠢᠶᠠᠷ ᠭᠤᠤᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠬᠠᠩᠭᠠᠬᠤ ᠶᠢ ᠪᠣᠳᠣᠯᠬᠢᠯᠠᠵᠤ᠂ ᠠᠷᠠᠳ ᠢᠷᠭᠡᠳ ᠤᠨ ᠬᠥᠮᠦᠨ ᠤ ᠪᠡᠶ᠎ᠡ ᠶᠢᠨ ᠡᠷᠬᠡ᠂ ᠡᠳ᠋ | ᠬᠥᠷᠥᠩᠭᠡ ᠶᠢᠨ ᠡᠷᠬᠡ᠂ ᠬᠥᠮᠦᠨ ᠤ ᠨᠡᠷ᠎ᠡ ᠬᠦᠨᠳᠦ ᠶᠢᠨ ᠡᠷᠬᠡ ᠵᠡᠷᠭᠡ ᠳᠤ ᠲᠣᠳᠣᠷᠬᠠᠶ ᠨᠠᠷᠢᠨ ᠪᠣᠳᠠᠲᠠᠶ ᠲᠣᠭᠲᠠᠭᠠᠯ | ᠭᠠᠷᠭᠠᠬᠤ ᠶᠢᠨ ᠬᠠᠮᠲᠤ ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢ ᠲᠣᠭᠲᠠᠭᠠᠵᠤ᠂ ᠡᠷᠬᠡ ᠪᠠᠭᠤᠷᠠᠵᠤ᠂ ᠬᠤᠬᠢᠷᠠᠵᠤ | ᠂ ᠬᠠᠯᠳᠠᠬᠤ ᠦᠶ᠎ᠡ ᠶᠢᠨ ᠭᠤᠶᠤᠴᠢᠯᠠᠯ ᠤᠨ ᠡᠷᠬᠡ ᠪᠠ ᠲᠡᠳᠬᠦᠨ ᠳᠡᠮᠵᠢᠬᠦ ᠡᠷᠬᠡ ᠵᠡᠷᠭᠡ ᠶᠢ ᠲᠣᠳᠣᠷᠬᠠᠶᠢᠯᠠᠵᠤ᠂ | ᠠᠷᠠᠳ ᠲᠦᠮᠡᠨ ᠤ ᠡᠷᠬᠡ ᠠᠰᠢᠭ ᠢ ᠭᠦᠢᠴᠡᠳ ᠪᠠᠲᠤᠯᠠᠵᠤ᠂ ︽ᠰᠢᠨ᠎ᠡ ᠴᠠᠭ ᠦᠶ᠎ᠡ ᠶᠢᠨ ᠠᠷᠠᠳ ᠤᠨ ᠡᠷᠬᠡ ᠶᠢᠨ | ᠲᠤᠩᠬᠠᠭ ᠪᠢᠴᠢᠭ︾ ᠭᠡᠵᠦ ᠨᠡᠷᠡᠯᠡᠭᠳᠡᠭᠰᠡᠨ ᠪᠥᠭᠡᠳ ︽ᠨᠡᠶᠢᠭᠡᠮ ᠤᠨ ᠠᠮᠢᠳᠤᠷᠠᠯ ᠤᠨ ᠨᠡᠪᠲᠡᠷᠬᠡᠶ ᠪᠢᠴᠢᠭ︾ ᠭᠡᠵᠦ | ᠨᠡᠷᠡᠯᠡᠭᠳᠡᠭᠰᠡᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠮᠢᠨ ᠰᠢᠨ ᠬᠡᠷ ᠣᠷᠣᠨ ᠤ ᠨᠡᠶᠢᠭᠡᠮ | ᠲᠣᠭᠤᠷᠢᠭ ᠠᠴᠠ ᠰᠠᠭᠤᠭᠠᠯᠢ ᠠᠷᠠᠳ ᠲᠤ ᠪᠣᠳᠠᠰ ᠤᠨ ᠡᠷᠬᠡ᠂ ᠤᠷᠤᠭ ᠭᠡᠷ ᠪᠦᠯᠢ ᠶᠢᠨ ᠲᠠᠯ᠎ᠠ ᠶᠢᠨ ᠬᠠᠤᠯᠢ | ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠭᠰᠡᠨ ᠪᠥᠭᠡᠳ ᠬᠡᠷᠡᠭ ᠢᠶᠠᠷ ᠬᠠᠤᠯᠢ ᠲᠣᠭᠲᠠᠭᠠᠬᠤ ᠠᠷᠭ᠎ᠠ | ᠮᠠᠶ᠋ᠢᠭ ᠢᠶᠠᠷ ᠳᠠᠮᠵᠢᠭᠤᠯᠤᠨ ᠰᠠᠭᠤᠭᠠᠯᠢ ᠠᠷᠠᠳ ᠵᠢᠴᠢ ᠨᠠᠮ ᠤᠨ ᠭᠡᠰᠢᠭᠦᠨ ᠳᠤ ︽ᠢᠷᠭᠡᠨ ᠤ ᠬᠠᠤᠯᠢ ᠶᠢᠨ ᠪᠢᠴᠢᠭ︾ | ᠢ ᠨᠠᠩ ᠰᠠᠶᠢᠨ ᠣᠶᠢᠯᠠᠭᠠᠭᠤᠯᠪᠠ᠃ | ᠲᠣᠰ ᠤᠳᠠᠭᠠᠨ ᠤ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ | ᠰᠠᠭᠤᠭᠠᠯᠢ ᠠᠷᠠᠳ ᠲᠤ ︽ᠢᠷᠭᠡᠨ ᠤ ᠬᠠᠤᠯᠢ ᠶᠢᠨ ᠪᠢᠴᠢᠭ︾ ᠢ ᠨᠠᠩ ᠰᠠᠶᠢᠨ ᠣᠶᠢᠯᠠᠭᠠᠭᠤᠯᠵᠤ᠂ ᠪᠠᠰᠠ ᠬᠠᠷᠢᠶ᠎ᠠ | ᠣᠷᠣᠨ ᠳᠤ ᠬᠥᠮᠦᠨ ᠪᠦᠬᠦᠨ ᠬᠠᠤᠯᠢ ᠶᠢ ᠮᠡᠳᠡᠬᠦ᠂ ᠬᠥᠮᠦᠨ ᠪᠦᠬᠦᠨ ᠬᠠᠤᠯᠢ ᠶᠢ ᠰᠠᠬᠢᠬᠤ᠂ ᠬᠥᠮᠦᠨ ᠪᠦᠬᠦᠨ | ᠬᠠᠤᠯᠢ ᠶᠢ ᠬᠡᠷᠡᠭᠯᠡᠬᠦ ᠠᠭᠤᠷ ᠠᠮᠢᠰᠬᠤᠯ ᠢ ᠪᠣᠶ ᠪᠣᠯᠭᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠢ ᠬᠠᠤᠯᠢ | ᠴᠠᠭᠠᠵᠠ ᠶᠢᠨ ᠵᠡᠪᠰᠡᠭ ᠢᠶᠠᠷ ᠲᠣᠰ ᠪᠡᠶ᠎ᠡ ᠶᠢᠨ ᠡᠷᠬᠡ ᠪᠠᠨ ᠬᠠᠮᠠᠭᠠᠯᠠᠬᠤ ᠤᠬᠠᠮᠰᠠᠷ ᠢ ᠪᠤᠢ ᠪᠤᠯᠭᠠᠪᠠ᠃ |