ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠵᠡᠮᠳᠡᠭᠴᠦᠳ ᠤᠨ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠪᠡ
ᠨᠡᠶᠢᠲᠡᠯᠡᠭᠰᠡᠨ ᠴᠠᠭ᠄
2025/5/21
    5 ᠰᠠᠷ᠎ᠠ ᠶᠢᠨ 19 ᠤ ᠡᠳᠦᠷ᠂ ᠣᠷᠣᠨ ᠤ ᠨᠡᠶᠢᠭᠡᠮ ᠤᠨ ᠬᠡᠷᠡᠭ ᠶᠠᠪᠤᠳᠠᠯ ᠤᠨ ᠲᠣᠪᠴᠢᠶ᠎ᠠ ︵ᠵᠡᠮᠳᠡᠭᠴᠦᠳ ᠤᠨ ᠬᠤᠯᠪᠣᠭ᠎ᠠ︶ ᠠᠴᠠ ᠡᠯ᠎ᠡ ᠵᠡᠭᠡᠯᠢ ᠪᠠᠯᠭᠠᠰᠤ ᠵᠢᠴᠢ ᠨᠡᠶᠢᠭᠡᠮ ᠲᠣᠭᠤᠷᠢᠭ ᠲᠠᠢ ᠬᠠᠮᠲᠤᠷᠠᠨ ᠡᠷᠭᠢᠯᠡᠭᠰᠡᠨ ︽ᠠᠭᠤᠰᠤᠯᠴᠠᠭᠤᠯᠤᠨ ᠬᠠᠮᠲᠤᠪᠠᠷ ᠡᠳ᠋ᠯᠡᠵᠦ᠂ ᠭᠠᠷ ᠬᠤᠯᠪᠣᠨ ᠬᠠᠮᠲᠤᠪᠠᠷ ᠤᠷᠤᠭᠰᠢᠯᠠᠬᠤ︾ 35 ᠳ᠋ᠤᠭᠠᠷ ᠤᠳᠠᠭᠠᠨ ᠤ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠬᠤᠶᠠᠳᠤᠭᠠᠷ ᠬᠤᠭᠤᠴᠠᠭᠠᠨ ᠤ ᠵᠡᠮᠳᠡᠭᠴᠦᠳ ᠤᠨ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠤᠯᠠᠨᠪᠤᠯᠠᠭ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠡᠭᠦᠰ ᠠᠮᠵᠢᠯᠲᠠ ᠲᠠᠢ ᠶᠠᠪᠤᠭᠳᠠᠪᠠ᠃ ᠠᠵᠢᠯᠯᠠᠭ᠎ᠠ ᠨᠢ ᠮᠠᠰᠢ ᠣᠯᠠᠨ ᠵᠡᠮᠳᠡᠭᠴᠦᠳ ᠤᠨ ᠨᠠᠶᠢᠵᠠ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠢ ᠣᠷᠣᠯᠴᠠᠭᠤᠯᠵᠠᠶ᠃     ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠪᠠᠰᠠ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶ᠎ᠠ ᠶᠢ ᠤᠷᠢᠵᠤ ᠰᠠᠭᠤᠭᠠᠯᠢ ᠠᠷᠠᠳ ᠲᠤ ᠦᠨ᠎ᠡ ᠲᠥᠯᠥᠪᠦᠷᠢ ᠥᠬᠡᠶ ᠨᠢᠳᠦᠨ ᠤ ᠡᠮᠨᠡᠯᠭᠡ ᠶᠢᠨ ᠪᠠᠶᠢᠴᠠᠭᠠᠯᠲᠠ ᠬᠢᠯᠭᠡᠪᠡ᠃ ᠡᠭᠦᠨ ᠤ ᠬᠠᠮᠲᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠪᠠ ᠵᠡᠮᠳᠡᠭᠴᠦᠳ ᠢ ᠲᠤᠰᠠᠯᠠᠬᠤ ᠲᠦᠷᠦ ᠶᠢᠨ ᠪᠤᠳᠤᠯᠭ᠎ᠠ ᠶᠢ ᠳᠡᠯᠭᠡᠷᠡᠭᠦᠯᠬᠦ ᠠᠵᠢᠯ ᠢ ᠥᠷᠨᠢᠭᠦᠯᠵᠦ᠂ ︽ᠬᠥᠮᠦᠨ ᠪᠦᠬᠦᠨ ᠵᠡᠮᠳᠡᠭᠴᠦᠳ ᠢ ᠬᠠᠯᠠᠮᠵᠢᠯᠠᠵᠤ᠂ ᠠᠭᠤᠰᠤᠯᠴᠠᠭᠰᠠᠨ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠪᠠᠶᠢᠭᠤᠯᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃      ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠳᠡᠪᠦᠷ᠎ᠡ᠂ ᠳᠡᠯᠡᠳᠬᠦ᠂ ᠰᠤᠷ ᠬᠠᠷᠪᠤᠬᠤ᠂ ᠬᠠᠷᠠᠩᠭ᠎ᠠ ᠳᠡᠯᠡᠳᠬᠦ᠂ ᠪᠤᠯᠠᠩ ᠤᠨ ᠪᠥᠮᠪᠦᠭᠡ ᠵᠡᠷᠭᠡ ᠣᠯᠠᠨ ᠬᠦᠴᠦᠯᠡᠴᠡ ᠲᠠᠢ᠂ ᠰᠣᠨᠢᠷᠬᠠᠯᠳᠤ ᠴᠢᠨᠠᠷ ᠲᠠᠢ ᠲᠥᠷᠥᠯ ᠵᠦᠢᠯ ᠢ ᠲᠣᠬᠢᠷᠠᠭᠤᠯᠵᠤ᠂ ᠵᠡᠮᠳᠡᠭᠴᠦᠳ ᠤᠨ ᠪᠡᠶ᠎ᠡ ᠮᠠᠬᠠᠪᠤᠳ ᠤᠨ ᠬᠡᠪ ᠴᠢᠨᠠᠷ ᠢ ᠨᠡᠮᠡᠭᠳᠡᠭᠦᠯᠦᠭᠰᠡᠨ ᠮᠥᠷᠲᠡᠭᠡᠨ ᠪᠠᠰᠠ ᠲᠡᠳᠡᠨ ᠤ ᠨᠡᠶᠢᠭᠡᠮ ᠤᠨ ᠬᠠᠷᠢᠯᠴᠠᠭ᠎ᠠ ᠳᠤ ᠣᠷᠣᠯᠴᠠᠬᠤ ᠲᠥᠷᠥᠭᠳᠡᠯ ᠢ ᠳᠡᠭᠡᠭᠰᠢᠯᠡᠭᠦᠯᠦᠭᠰᠡᠨ ᠪᠠᠶᠢᠨ᠎ᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠲᠥᠷᠥᠯ  ᠵᠦᠢᠯ ᠨᠢᠭᠡᠪᠦᠷᠢ ᠶᠢᠨ ᠲᠦᠷᠦᠭᠦᠤ ᠭᠤᠷᠪᠠᠨ ᠨᠡᠷᠡᠰ ᠲᠤ ᠲᠣᠰ ᠲᠣᠰ ᠱᠠᠩᠨᠠᠯ  ᠬᠦᠷᠲᠡᠭᠡᠪᠡ᠃     ᠲᠣᠰ ᠤᠳᠠᠭᠠᠨ ᠤ ᠵᠡᠮᠳᠡᠭᠴᠦᠳ ᠢ ᠲᠤᠰᠠᠯᠠᠬᠤ ᠡᠳᠦᠷ ᠤᠨ ᠠᠵᠢᠯᠯᠠᠭ᠎ᠠ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠡᠮᠳᠡᠭᠴᠦᠳ ᠤᠨ ᠬᠤᠯᠪᠣᠭ᠎ᠠ ᠠᠴᠠ ᠣᠨᠴᠠᠭᠠᠶ ᠬᠦᠴᠢᠷᠳᠡᠯᠲᠡᠶ ᠵᠡᠮᠳᠡᠭᠴᠦᠳ ᠵᠢᠴᠢ ᠠᠶᠤᠯ ᠶᠡᠬᠡᠲᠡᠶ ᠬᠥᠮᠦᠰ ᠲᠤ ᠲᠠᠷᠢᠬᠢᠨ ᠤ ᠰᠠ ᠡᠪᠡᠳᠴᠢᠨ ᠢ ᠰᠡᠷᠭᠡᠶᠢᠯᠡᠬᠦ᠂ ᠲᠠᠨᠢᠨ ᠮᠡᠳᠡᠬᠦᠶ ᠶᠢᠨ ᠬᠠᠷᠰᠢ ᠰᠠᠭᠠᠳ ᠢ ᠰᠢᠭᠰᠢᠨ ᠪᠠᠶᠢᠴᠠᠭᠠᠬᠤ᠂ ᠡᠷᠡᠭᠦᠯᠵᠢᠭᠦᠯᠬᠦ ᠦᠢᠯᠡᠴᠢᠯᠡᠭᠡ ᠵᠡᠷᠭᠡ ᠵᠡᠮᠳᠡᠭᠴᠦᠳ ᠢ ᠲᠤᠰᠠᠯᠠᠬᠤ  ᠣᠯᠠᠨ ᠦᠢᠯᠡᠴᠢᠯᠡᠭᠡ ᠬᠠᠩᠭᠠᠵᠤ᠂ ᠲᠡᠳᠡᠨ ᠳᠤ ᠡᠷᠡᠭᠦᠯ ᠮᠡᠨᠳᠦ ᠶᠢᠨ ᠪᠠᠲᠤᠯᠠᠭ᠎ᠠ  ᠬᠠᠩᠭᠠᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号