ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ᠄ ᠭᠤᠷᠪᠠᠨ ᠠᠷᠭ᠎ᠠ ᠬᠡᠮᠵᠢᠶ᠎ᠡ ᠪᠠᠷ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠳᠠᠭᠠᠳᠬᠠᠯ ᠳᠤ ᠣᠷᠣᠯᠴᠠᠵᠤ ᠳᠡᠩᠰᠡᠯᠡᠨ ᠲᠡᠮᠳᠡᠭᠯᠡᠬᠦ  ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/5/6
    ᠡᠨᠡ ᠵᠢᠯ ᠠᠴᠠ ᠨᠠᠭᠠᠰᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ  ᠤᠨ ᠤᠷᠣᠠ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ  ᠦᠢᠯᠡᠴᠢᠯᠡᠭᠡ ᠶᠢᠨ ᠲᠣᠪ ᠨᠢ ᠪᠦᠭᠦ ᠤᠷᠣᠠ  ᠤ  ᠪᠠᠶᠢᠭᠤᠯᠭ᠎ᠠ ᠠᠵᠢᠯ  ᠦᠢᠯᠡᠰ ᠤᠨ ᠨᠢᠭᠡᠴᠡ ᠶᠢᠨ  ᠳᠠᠭᠠᠳᠬᠠᠯ  ᠤᠨ  ᠨᠠᠷᠢᠯᠢᠭ ᠵᠢᠮ᠎ᠡ ᠲᠠᠢ ᠵᠣᠬᠢᠴᠠᠵᠤ᠂ ᠬᠠᠮᠢᠶᠠᠷᠤᠯᠲᠠ ᠶᠢᠨ  ᠦᠢᠯᠡᠴᠢᠯᠡᠭᠡ ᠶᠢ ᠤᠯᠠᠮ ᠨᠢᠭᠡ ᠠᠯᠬᠤᠮ ᠱᠢᠯᠢᠳᠡᠭᠵᠢᠭᠦᠯᠵᠦ᠂ ᠭᠠᠷᠳᠠᠨ ᠬᠢᠬᠦ ᠬᠢᠷᠢ ᠬᠡᠮᠵᠢᠶ᠎ᠡ ᠪᠠᠨ  ᠳᠡᠭᠡᠭᠰᠢᠯᠡᠭᠦᠯᠵᠦ᠂  ᠪᠠᠶᠢᠭᠤᠯᠭ᠎ᠠ ᠠᠵᠢᠯ  ᠦᠢᠯᠡᠰ ᠤᠨ ᠨᠢᠭᠡᠴᠡ ᠶᠢᠨ ᠨᠠᠰᠤᠵᠢᠯ ᠤᠨ  ᠳᠠᠭᠠᠳᠬᠠᠯ ᠳᠤ ᠣᠷᠣᠯᠴᠠᠬᠤ ᠭᠦᠢᠭᠵᠢᠯᠳᠠ ᠶᠢᠨ ᠲᠤᠬᠠᠢᠯᠠᠭᠰᠠᠨ ᠠᠵᠢᠯ ᠢ ᠴᠢᠨᠠᠷ ᠰᠠᠶᠢᠲᠠᠢ ᠳᠠᠭᠠᠳᠬᠠᠯ ᠳᠤ ᠣᠷᠣᠯᠴᠠᠭᠰᠠᠨ ᠨᠢᠭᠡᠴᠡ ᠶᠢᠨ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠬᠤ ᠳᠠᠩᠰᠠᠯᠠᠯ ᠢ ᠥᠨᠳᠥᠷ ᠪᠦᠲᠦᠮᠵᠢᠲᠡᠶ ᠪᠠᠷ ᠪᠡᠶᠡᠯᠡᠭᠦᠯᠪᠡ᠃     ᠲᠤᠬᠠᠶᠢᠯᠠᠭᠰᠠᠨ ᠠᠵᠢᠯ ᠤᠨ ᠴᠤᠪᠤᠷᠠᠯ ᠢ ᠨᠢᠭᠡᠳᠦᠯᠲᠡᠢ ᠪᠣᠯᠭᠠᠭᠰᠠᠨ ᠦᠭᠡᠢ  ᠂  ᠲᠤᠷᠰᠢᠯᠭ᠎ᠠ ᠦᠭᠡᠢ ᠪᠠᠶᠢᠳᠠᠯ ᠳᠣᠣᠷ᠎ᠠ᠂ ᠣᠨᠴᠠ ᠵᠠᠷᠢᠮ ᠰᠦᠪᠡᠭᠴᠢᠯᠡᠬᠦ᠂ ᠠᠯᠬᠤᠮ ᠠᠯᠬᠤᠮ ᠢᠶᠠᠷ ᠬᠡᠷᠡᠭᠵᠢᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ 2025 ᠣᠨ ᠤ 2 ᠰᠠᠷ᠎ᠠ ᠳᠤ  ᠨᠢᠭᠡ ᠰᠠᠷ᠎ᠠ ᠶᠢᠨ ᠴᠠᠭ ᠢ ᠠᠰᠢᠭᠯᠠᠨ 19 ᠡᠷᠦᠬᠡ ᠳᠠᠭᠠᠳᠬᠠᠯ ᠳᠤ ᠣᠷᠣᠯᠴᠠᠬᠤ ᠨᠢᠭᠡᠴᠡ ᠶᠢᠨ ᠰᠢᠨ᠎ᠡ ᠪᠠᠷ ᠳᠠᠩᠰᠠ ᠨᠡᠭᠡᠭᠡᠬᠦ ᠲᠤᠬᠠᠶᠢᠯᠠᠭᠰᠠᠨ ᠠᠵᠢᠯ ᠢ ᠪᠡᠶᠡᠯᠡᠭᠦᠯᠵᠦ᠂ ᠳᠠᠭᠠᠳᠬᠠᠯ ᠳᠤ ᠣᠷᠣᠯᠴᠠᠬᠤ ᠨᠢᠭᠡᠴᠢ ᠶᠢᠨ 20 ᠭᠠᠷᠤᠢ ᠵᠦᠢᠯ ᠤᠨ ᠰᠠᠭᠤᠷᠢ ᠮᠡᠳᠡᠭᠡ ᠵᠠᠩᠭᠢ ᠶᠢ  ᠣᠷᠣᠭᠤᠯᠬᠤ᠂ 580 ᠭᠠᠷᠤᠢ ᠬᠥᠮᠥᠨ ᠤ ᠳᠠᠭᠠᠳᠬᠠᠯ ᠢ ᠵᠣᠭᠰᠣᠭᠠᠵᠤ ᠳᠠᠭᠠᠳᠬᠠᠯ ᠢ ᠦᠷᠭᠦᠯᠵᠢᠯᠡᠭᠦᠯᠬᠦ ᠵᠡᠷᠭᠡ ᠲᠤᠬᠠᠶᠢᠯᠠᠭᠰᠠᠨ ᠠᠵᠢᠯ ᠳᠤ ᠬᠤᠯᠪᠣᠭᠳᠠᠭᠤᠯᠤᠨ᠂ ᠡᠯ᠎ᠡ ᠨᠢᠭᠡᠴᠢ ᠵᠢᠴᠢ ᠬᠠᠷᠢᠶ᠎ᠠ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠲᠠᠰᠤᠯᠳᠠᠭᠤᠯᠬᠤ ᠦᠭᠡᠢ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠡᠮᠬᠢ ᠵᠢᠷᠤᠮ ᠲᠠᠢ ᠪᠠᠷ ᠰᠢᠯᠵᠢᠬᠦ ᠶᠢ ᠪᠠᠲᠤᠯᠠᠪᠠ᠃      ᠰᠢᠨ᠎ᠡ ᠪᠠᠷ ᠳᠠᠭᠠᠳᠬᠠᠯ ᠳᠤ ᠣᠷᠣᠯᠴᠠᠭᠰᠠᠨ ᠨᠢᠭᠡᠴᠡ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠵᠢᠯᠣᠭᠤᠳᠣᠯᠭ᠎ᠠ ᠶᠢ ᠦᠷᠭᠦᠯᠵᠢᠯᠡᠨ ᠴᠢᠩᠭᠠᠳᠬᠠᠨ᠎ᠠ᠃ ᠰᠢᠨ᠎ᠡ ᠪᠠᠷ ᠳᠠᠭᠠᠳᠬᠠᠯ ᠳᠤ ᠣᠷᠣᠯᠴᠠᠭᠰᠠᠨ ᠨᠢᠭᠡᠴᠡ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠭᠴᠢ ᠳᠤ ᠲᠡᠷᠡ ᠳᠠᠷᠤᠶ ᠳᠤᠨᠢ ᠨᠢᠭᠡᠳ ᠨᠢᠭᠡ ᠪᠠᠷ ᠬᠠᠪᠰᠤᠷᠤᠨ ᠵᠢᠯᠣᠭᠤᠳᠴᠤ᠂ ᠡᠯ᠎ᠡ ᠨᠢᠭᠡᠴᠡ ᠶᠢᠨ ᠳᠠᠭᠠᠳᠬᠠᠯ ᠳᠤ ᠣᠷᠣᠯᠴᠠᠭᠰᠠᠨ ᠳᠡᠩᠰᠡᠯᠡᠯᠲᠡ ᠶᠢᠨ ᠵᠥᠪ ᠣᠨᠣᠪᠴᠢᠲᠠᠶ ᠠᠯᠳᠠᠭ᠎ᠠ ᠪᠤᠷᠤᠭᠤ ᠥᠬᠡᠶ᠂ ᠬᠦᠴᠢᠷ ᠲᠦᠪᠡᠭᠲᠡᠶ ᠠᠰᠠᠭᠤᠳᠠᠯ ᠢ ᠯᠠᠪᠳᠠᠭᠤᠨ ᠢᠶᠠᠷ ᠰᠢᠢᠳᠪᠦᠷᠢᠯᠡᠬᠦ ᠶᠢ ᠦᠨᠡᠨᠬᠦ ᠪᠠᠲᠤᠯᠠᠪᠠ᠃ 4 ᠳ᠋ᠦ᠋ᠭᠡᠷ ᠰᠠᠷ᠎ᠠ ᠳᠤ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠡᠶᠢᠭᠡᠮ ᠤᠨ ᠳᠠᠭᠠᠳᠬᠠᠯ ᠤᠨ ᠭᠠᠷᠳᠠᠨ ᠭᠦᠢᠴᠡᠳᠭᠡᠭᠴᠢ ᠠᠴᠠ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠲᠠᠨ ᠠᠵᠢᠯᠴᠢᠨ ᠤ ᠰᠢᠨ᠎ᠡ ᠪᠠᠷ ᠳᠠᠭᠠᠳᠬᠠᠯ ᠳᠤ ᠣᠷᠣᠯᠴᠠᠬᠤ᠂ ᠬᠠᠷᠢᠴᠠᠭ᠎ᠠ ᠰᠢᠯᠵᠢᠭᠦᠯᠬᠦ᠂ ᠠᠵᠢᠯ ᠠᠴᠠ ᠪᠠᠨ ᠪᠠᠭᠤᠵᠤ ᠠᠮᠠᠷᠠᠬᠤ᠂ ᠨᠥᠬᠦᠵᠦ ᠬᠤᠷᠢᠶᠠᠬᠤ ᠭᠠᠵᠠᠷ ᠲᠤ ᠰᠢᠯᠵᠢᠭᠦᠯᠦᠨ ᠣᠷᠣᠭᠤᠯᠬᠤ᠂ ᠨᠢᠭᠡᠳᠦᠯᠲᠡᠶ ᠲᠥᠯᠥᠪᠯᠡᠬᠦ ᠣᠷᠣᠨ ᠳᠤ ᠰᠢᠯᠵᠢᠭᠦᠯᠦᠨ ᠣᠷᠣᠭᠤᠯᠵᠤ ᠰᠢᠯᠵᠢᠭᠦᠯᠦᠨ ᠭᠠᠷᠭᠠᠬᠤ᠂ ᠠᠵᠢᠯ ᠮᠡᠷᠭᠡᠵᠢᠯ ᠤᠨ ᠣᠨ ᠤ ᠮᠥᠩᠭᠦ ᠲᠤᠰᠢᠶᠠᠬᠤ ᠵᠡᠷᠭᠡ ᠡᠳᠦᠷ ᠲᠤᠲᠤᠮ ᠤᠨ ᠲᠤᠬᠠᠶᠢᠯᠠᠭᠰᠠᠨ ᠠᠵᠢᠯ ᠢ ᠰᠢᠰᠲ᠋ᠧᠮ ᠲᠠᠢ ᠲᠠᠶᠢᠯᠪᠤᠷᠢᠯᠠᠵᠤ᠂ ᠲᠤᠬᠠᠶ ᠶᠢᠨ ᠲᠠᠯᠠᠪᠤᠷ ᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠦᠯᠵᠢᠶ᠎ᠡ ᠶᠢᠨ ᠲᠢᠩᠬᠢᠮ ᠤᠨ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠶᠠᠪᠤᠴᠠ ᠶᠢ ᠦᠵᠡᠭᠦᠯᠬᠦ ᠶᠢᠨ ᠬᠠᠮᠲᠤ ᠡᠯ᠎ᠡ ᠡᠷᠬᠢᠯᠡᠨ ᠭᠦᠢᠴᠡᠳᠬᠡᠭᠴᠢ ᠠᠵᠢᠯᠲᠠᠨ ᠲᠠᠢ ᠲᠤᠬᠠᠶᠢᠯᠠᠭᠰᠠᠨ ᠠᠵᠢᠯ ᠤᠨ ᠬᠦᠴᠢᠷ ᠲᠦᠪᠡᠭᠲᠡᠶ ᠠᠰᠠᠭᠤᠳᠠᠯ ᠤᠨ ᠲᠤᠬᠠᠶ ᠰᠣᠯᠢᠯᠴᠠᠨ ᠬᠠᠷᠢᠭᠤᠯᠲᠠ ᠥᠭᠴᠦ᠂ ᠲᠤᠬᠠᠶᠢᠯᠠᠭᠰᠠᠨ ᠠᠵᠢᠯ ᠢ ᠭᠦᠢᠴᠡᠳᠭᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃      ᠰᠦᠯᠵᠢᠶᠡᠨ ᠭᠠᠳᠠᠨᠠᠬᠢ ᠨᠢᠭᠡ ᠥᠷᠲᠡᠭᠡ ᠮᠠᠶ᠋ᠢᠭ ᠤᠨ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃  ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢᠶᠠᠷ ᠲᠦᠰᠢᠭ ᠪᠣᠯᠭᠠᠵᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠢᠭᠡᠴᠡ ᠶᠢᠨ ᠳᠠᠭᠠᠳᠬᠠᠯ ᠳᠤ ᠣᠷᠣᠯᠴᠠᠬᠤ ᠶᠢ ᠳᠠᠩᠰᠠᠯᠠᠬᠤ᠂ ᠠᠵᠢᠯᠲᠠᠨ ᠠᠵᠢᠯᠴᠢᠨ ᠤ ᠠᠵᠢᠯ ᠠᠴᠠ ᠪᠠᠨ ᠠᠮᠠᠷᠠᠭᠰᠠᠨ ᠣᠯᠭᠤᠮᠵᠢ ᠶᠢ ᠭᠤᠶᠤᠴᠢᠯᠠᠨ ᠠᠪᠬᠤ ᠵᠡᠷᠭᠡ ᠥᠨᠳᠥᠷ ᠳᠠᠪᠲᠠᠮᠵᠢᠲᠤ ᠲᠤᠬᠠᠶᠢᠯᠠᠭᠰᠠᠨ ᠠᠵᠢᠯ ᠢ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠪᠠᠷ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠨᠢᠭᠡ ᠯᠡ ᠥᠷᠲᠡᠭᠡᠨ ᠤ ᠮᠠᠶ᠋ᠢᠭ ᠢᠶᠠᠷ ᠭᠦᠢᠴᠡᠳᠬᠡᠵᠦ᠂ ᠳᠠᠭᠠᠳᠬᠠᠯ ᠳᠤ ᠣᠷᠣᠯᠴᠠᠭᠰᠠᠨ ᠨᠢᠭᠡᠴᠢ ᠵᠢᠴᠢ ᠠᠵᠢᠯᠲᠠᠨ ᠠᠵᠢᠯᠴᠢᠨ ᠳᠤ ᠨᠢᠭᠡ ᠴᠣᠩᠬᠤᠪᠴᠢ ᠮᠠᠶ᠋ᠢᠭ ᠤᠨ᠂ ᠢᠯᠭᠠᠭ᠎ᠠ ᠥᠬᠡᠶ᠂ ᠪᠠᠷᠢᠮᠵᠢᠶᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠵᠤ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠭᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ  ᠤᠨ ᠤᠷᠣᠠ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡ ᠶᠢᠨ ᠲᠣᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号