ᠡᠨᠡ ᠵᠢᠯ ᠠᠴᠠ ᠨᠠᠭᠠᠰᠢ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠤᠷᠣᠠ ᠤ ᠨᠡᠶᠢᠭᠡᠮ ᠤᠨ | ᠳᠠᠭᠠᠳᠬᠠᠯ ᠤᠨ ᠦᠢᠯᠡᠰ ᠤᠨ ᠦᠢᠯᠡᠴᠢᠯᠡᠭᠡ ᠶᠢᠨ ᠲᠣᠪ ᠨᠢ ᠪᠦᠭᠦ ᠤᠷᠣᠠ ᠤ ᠪᠠᠶᠢᠭᠤᠯᠭ᠎ᠠ ᠠᠵᠢᠯ | ᠦᠢᠯᠡᠰ ᠤᠨ ᠨᠢᠭᠡᠴᠡ ᠶᠢᠨ ᠳᠠᠭᠠᠳᠬᠠᠯ ᠤᠨ ᠨᠠᠷᠢᠯᠢᠭ ᠵᠢᠮ᠎ᠡ ᠲᠠᠢ ᠵᠣᠬᠢᠴᠠᠵᠤ᠂ ᠬᠠᠮᠢᠶᠠᠷᠤᠯᠲᠠ ᠶᠢᠨ | ᠦᠢᠯᠡᠴᠢᠯᠡᠭᠡ ᠶᠢ ᠤᠯᠠᠮ ᠨᠢᠭᠡ ᠠᠯᠬᠤᠮ ᠱᠢᠯᠢᠳᠡᠭᠵᠢᠭᠦᠯᠵᠦ᠂ ᠭᠠᠷᠳᠠᠨ ᠬᠢᠬᠦ ᠬᠢᠷᠢ ᠬᠡᠮᠵᠢᠶ᠎ᠡ ᠪᠠᠨ | ᠳᠡᠭᠡᠭᠰᠢᠯᠡᠭᠦᠯᠵᠦ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠳᠤ | ᠣᠷᠣᠯᠴᠠᠬᠤ ᠭᠦᠢᠭᠵᠢᠯᠳᠠ ᠶᠢᠨ ᠲᠤᠬᠠᠢᠯᠠᠭᠰᠠᠨ ᠠᠵᠢᠯ ᠢ ᠴᠢᠨᠠᠷ ᠰᠠᠶᠢᠲᠠᠢ ᠳᠠᠭᠠᠳᠬᠠᠯ ᠳᠤ ᠣᠷᠣᠯᠴᠠᠭᠰᠠᠨ | ᠨᠢᠭᠡᠴᠡ ᠶᠢᠨ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠬᠤ ᠳᠠᠩᠰᠠᠯᠠᠯ ᠢ ᠥᠨᠳᠥᠷ ᠪᠦᠲᠦᠮᠵᠢᠲᠡᠶ ᠪᠠᠷ | ᠪᠡᠶᠡᠯᠡᠭᠦᠯᠪᠡ᠃ | ᠲᠤᠬᠠᠶᠢᠯᠠᠭᠰᠠᠨ ᠠᠵᠢᠯ ᠤᠨ ᠴᠤᠪᠤᠷᠠᠯ ᠢ ᠨᠢᠭᠡᠳᠦᠯᠲᠡᠢ ᠪᠣᠯᠭᠠᠭᠰᠠᠨ ᠦᠭᠡᠢ ᠂ ᠲᠤᠷᠰᠢᠯᠭ᠎ᠠ ᠦᠭᠡᠢ ᠪᠠᠶᠢᠳᠠᠯ | ᠳᠣᠣᠷ᠎ᠠ᠂ ᠣᠨᠴᠠ ᠵᠠᠷᠢᠮ ᠰᠦᠪᠡᠭᠴᠢᠯᠡᠬᠦ᠂ ᠠᠯᠬᠤᠮ ᠠᠯᠬᠤᠮ ᠢᠶᠠᠷ ᠬᠡᠷᠡᠭᠵᠢᠭᠦᠯᠬᠦ ᠠᠷᠭ᠎ᠠ ᠮᠠᠶ᠋ᠢᠭ ᠢᠶᠠᠷ | ᠳᠠᠮᠵᠢᠭᠤᠯᠤᠨ᠂ 2025 ᠣᠨ ᠤ 2 ᠰᠠᠷ᠎ᠠ ᠳᠤ ᠨᠢᠭᠡ ᠰᠠᠷ᠎ᠠ ᠶᠢᠨ ᠴᠠᠭ ᠢ ᠠᠰᠢᠭᠯᠠᠨ 19 ᠡᠷᠦᠬᠡ | ᠳᠠᠭᠠᠳᠬᠠᠯ ᠳᠤ ᠣᠷᠣᠯᠴᠠᠬᠤ ᠨᠢᠭᠡᠴᠡ ᠶᠢᠨ ᠰᠢᠨ᠎ᠡ ᠪᠠᠷ ᠳᠠᠩᠰᠠ ᠨᠡᠭᠡᠭᠡᠬᠦ ᠲᠤᠬᠠᠶᠢᠯᠠᠭᠰᠠᠨ ᠠᠵᠢᠯ ᠢ ᠪᠡᠶᠡᠯᠡᠭᠦᠯᠵᠦ᠂ | ᠳᠠᠭᠠᠳᠬᠠᠯ ᠳᠤ ᠣᠷᠣᠯᠴᠠᠬᠤ ᠨᠢᠭᠡᠴᠢ ᠶᠢᠨ 20 ᠭᠠᠷᠤᠢ ᠵᠦᠢᠯ ᠤᠨ ᠰᠠᠭᠤᠷᠢ ᠮᠡᠳᠡᠭᠡ ᠵᠠᠩᠭᠢ ᠶᠢ ᠣᠷᠣᠭᠤᠯᠬᠤ᠂ | 580 ᠭᠠᠷᠤᠢ ᠬᠥᠮᠥᠨ ᠤ ᠳᠠᠭᠠᠳᠬᠠᠯ ᠢ ᠵᠣᠭᠰᠣᠭᠠᠵᠤ ᠳᠠᠭᠠᠳᠬᠠᠯ ᠢ ᠦᠷᠭᠦᠯᠵᠢᠯᠡᠭᠦᠯᠬᠦ ᠵᠡᠷᠭᠡ ᠲᠤᠬᠠᠶᠢᠯᠠᠭᠰᠠᠨ | ᠠᠵᠢᠯ ᠳᠤ ᠬᠤᠯᠪᠣᠭᠳᠠᠭᠤᠯᠤᠨ᠂ ᠡᠯ᠎ᠡ ᠨᠢᠭᠡᠴᠢ ᠵᠢᠴᠢ ᠬᠠᠷᠢᠶ᠎ᠠ ᠠᠵᠢᠯᠲᠠᠨ ᠠᠵᠢᠯᠴᠢᠨ ᠤ ᠨᠠᠰᠤᠵᠢᠯ ᠤᠨ | ᠳᠠᠭᠠᠳᠬᠠᠯ ᠤᠨ ᠲᠤᠬᠠᠶᠢᠯᠠᠭᠰᠠᠨ ᠠᠵᠢᠯ ᠢ ᠲᠠᠰᠤᠯᠳᠠᠭᠤᠯᠬᠤ ᠦᠭᠡᠢ᠂ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠳᠤ ᠡᠮᠬᠢ ᠵᠢᠷᠤᠮ ᠲᠠᠢ ᠪᠠᠷ ᠰᠢᠯᠵᠢᠬᠦ ᠶᠢ ᠪᠠᠲᠤᠯᠠᠪᠠ᠃ | ᠰᠢᠨ᠎ᠡ ᠪᠠᠷ ᠳᠠᠭᠠᠳᠬᠠᠯ ᠳᠤ ᠣᠷᠣᠯᠴᠠᠭᠰᠠᠨ ᠨᠢᠭᠡᠴᠡ ᠶᠢᠨ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠤᠨ ᠵᠢᠯᠣᠭᠤᠳᠣᠯᠭ᠎ᠠ ᠶᠢ ᠦᠷᠭᠦᠯᠵᠢᠯᠡᠨ ᠴᠢᠩᠭᠠᠳᠬᠠᠨ᠎ᠠ᠃ ᠰᠢᠨ᠎ᠡ ᠪᠠᠷ ᠳᠠᠭᠠᠳᠬᠠᠯ ᠳᠤ | ᠣᠷᠣᠯᠴᠠᠭᠰᠠᠨ ᠨᠢᠭᠡᠴᠡ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠭᠴᠢ ᠳᠤ ᠲᠡᠷᠡ ᠳᠠᠷᠤᠶ ᠳᠤᠨᠢ ᠨᠢᠭᠡᠳ | ᠨᠢᠭᠡ ᠪᠠᠷ ᠬᠠᠪᠰᠤᠷᠤᠨ ᠵᠢᠯᠣᠭᠤᠳᠴᠤ᠂ ᠡᠯ᠎ᠡ ᠨᠢᠭᠡᠴᠡ ᠶᠢᠨ ᠳᠠᠭᠠᠳᠬᠠᠯ ᠳᠤ ᠣᠷᠣᠯᠴᠠᠭᠰᠠᠨ ᠳᠡᠩᠰᠡᠯᠡᠯᠲᠡ ᠶᠢᠨ | ᠵᠥᠪ ᠣᠨᠣᠪᠴᠢᠲᠠᠶ ᠠᠯᠳᠠᠭ᠎ᠠ ᠪᠤᠷᠤᠭᠤ ᠥᠬᠡᠶ᠂ ᠬᠦᠴᠢᠷ ᠲᠦᠪᠡᠭᠲᠡᠶ ᠠᠰᠠᠭᠤᠳᠠᠯ ᠢ ᠯᠠᠪᠳᠠᠭᠤᠨ ᠢᠶᠠᠷ | ᠰᠢᠢᠳᠪᠦᠷᠢᠯᠡᠬᠦ ᠶᠢ ᠦᠨᠡᠨᠬᠦ ᠪᠠᠲᠤᠯᠠᠪᠠ᠃ 4 ᠳ᠋ᠦ᠋ᠭᠡᠷ ᠰᠠᠷ᠎ᠠ ᠳᠤ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ | ᠨᠡᠶᠢᠭᠡᠮ ᠤᠨ ᠳᠠᠭᠠᠳᠬᠠᠯ ᠤᠨ ᠭᠠᠷᠳᠠᠨ ᠭᠦᠢᠴᠡᠳᠭᠡᠭᠴᠢ ᠠᠴᠠ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠲᠠᠨ ᠠᠵᠢᠯᠴᠢᠨ ᠤ ᠰᠢᠨ᠎ᠡ ᠪᠠᠷ ᠳᠠᠭᠠᠳᠬᠠᠯ ᠳᠤ ᠣᠷᠣᠯᠴᠠᠬᠤ᠂ | ᠬᠠᠷᠢᠴᠠᠭ᠎ᠠ ᠰᠢᠯᠵᠢᠭᠦᠯᠬᠦ᠂ ᠠᠵᠢᠯ ᠠᠴᠠ ᠪᠠᠨ ᠪᠠᠭᠤᠵᠤ ᠠᠮᠠᠷᠠᠬᠤ᠂ ᠨᠥᠬᠦᠵᠦ ᠬᠤᠷᠢᠶᠠᠬᠤ ᠭᠠᠵᠠᠷ ᠲᠤ | ᠰᠢᠯᠵᠢᠭᠦᠯᠦᠨ ᠣᠷᠣᠭᠤᠯᠬᠤ᠂ ᠨᠢᠭᠡᠳᠦᠯᠲᠡᠶ ᠲᠥᠯᠥᠪᠯᠡᠬᠦ ᠣᠷᠣᠨ ᠳᠤ ᠰᠢᠯᠵᠢᠭᠦᠯᠦᠨ ᠣᠷᠣᠭᠤᠯᠵᠤ ᠰᠢᠯᠵᠢᠭᠦᠯᠦᠨ | ᠭᠠᠷᠭᠠᠬᠤ᠂ ᠠᠵᠢᠯ ᠮᠡᠷᠭᠡᠵᠢᠯ ᠤᠨ ᠣᠨ ᠤ ᠮᠥᠩᠭᠦ ᠲᠤᠰᠢᠶᠠᠬᠤ ᠵᠡᠷᠭᠡ ᠡᠳᠦᠷ ᠲᠤᠲᠤᠮ ᠤᠨ ᠲᠤᠬᠠᠶᠢᠯᠠᠭᠰᠠᠨ | ᠠᠵᠢᠯ ᠢ ᠰᠢᠰᠲ᠋ᠧᠮ ᠲᠠᠢ ᠲᠠᠶᠢᠯᠪᠤᠷᠢᠯᠠᠵᠤ᠂ ᠲᠤᠬᠠᠶ ᠶᠢᠨ ᠲᠠᠯᠠᠪᠤᠷ ᠲᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠦᠯᠵᠢᠶ᠎ᠡ ᠶᠢᠨ ᠲᠢᠩᠬᠢᠮ ᠤᠨ ᠲᠤᠬᠠᠶᠢᠯᠠᠭᠰᠠᠨ ᠠᠵᠢᠯ ᠤᠨ ᠠᠵᠢᠯᠯᠠᠭᠠᠨ ᠤ | ᠶᠠᠪᠤᠴᠠ ᠶᠢ ᠦᠵᠡᠭᠦᠯᠬᠦ ᠶᠢᠨ ᠬᠠᠮᠲᠤ ᠡᠯ᠎ᠡ ᠡᠷᠬᠢᠯᠡᠨ ᠭᠦᠢᠴᠡᠳᠬᠡᠭᠴᠢ ᠠᠵᠢᠯᠲᠠᠨ ᠲᠠᠢ ᠲᠤᠬᠠᠶᠢᠯᠠᠭᠰᠠᠨ ᠠᠵᠢᠯ ᠤᠨ | ᠬᠦᠴᠢᠷ ᠲᠦᠪᠡᠭᠲᠡᠶ ᠠᠰᠠᠭᠤᠳᠠᠯ ᠤᠨ ᠲᠤᠬᠠᠶ ᠰᠣᠯᠢᠯᠴᠠᠨ ᠬᠠᠷᠢᠭᠤᠯᠲᠠ ᠥᠭᠴᠦ᠂ ᠲᠤᠬᠠᠶᠢᠯᠠᠭᠰᠠᠨ ᠠᠵᠢᠯ ᠢ | ᠭᠦᠢᠴᠡᠳᠭᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | ᠰᠦᠯᠵᠢᠶᠡᠨ ᠭᠠᠳᠠᠨᠠᠬᠢ ᠨᠢᠭᠡ ᠥᠷᠲᠡᠭᠡ ᠮᠠᠶ᠋ᠢᠭ ᠤᠨ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ | ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠷᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ ᠢᠶᠠᠷ ᠲᠦᠰᠢᠭ ᠪᠣᠯᠭᠠᠵᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ | ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠢᠭᠡᠴᠡ ᠶᠢᠨ ᠳᠠᠭᠠᠳᠬᠠᠯ ᠳᠤ ᠣᠷᠣᠯᠴᠠᠬᠤ ᠶᠢ | ᠳᠠᠩᠰᠠᠯᠠᠬᠤ᠂ ᠠᠵᠢᠯᠲᠠᠨ ᠠᠵᠢᠯᠴᠢᠨ ᠤ ᠠᠵᠢᠯ ᠠᠴᠠ ᠪᠠᠨ ᠠᠮᠠᠷᠠᠭᠰᠠᠨ ᠣᠯᠭᠤᠮᠵᠢ ᠶᠢ ᠭᠤᠶᠤᠴᠢᠯᠠᠨ ᠠᠪᠬᠤ ᠵᠡᠷᠭᠡ | ᠥᠨᠳᠥᠷ ᠳᠠᠪᠲᠠᠮᠵᠢᠲᠤ ᠲᠤᠬᠠᠶᠢᠯᠠᠭᠰᠠᠨ ᠠᠵᠢᠯ ᠢ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ | ᠴᠣᠩᠬᠤᠪᠴᠢ ᠪᠠᠷ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ | ᠲᠤᠬᠠᠶᠢᠯᠠᠭᠰᠠᠨ ᠠᠵᠢᠯ ᠢ ᠨᠢᠭᠡ ᠯᠡ ᠥᠷᠲᠡᠭᠡᠨ ᠤ ᠮᠠᠶ᠋ᠢᠭ ᠢᠶᠠᠷ ᠭᠦᠢᠴᠡᠳᠬᠡᠵᠦ᠂ ᠳᠠᠭᠠᠳᠬᠠᠯ ᠳᠤ ᠣᠷᠣᠯᠴᠠᠭᠰᠠᠨ | ᠨᠢᠭᠡᠴᠢ ᠵᠢᠴᠢ ᠠᠵᠢᠯᠲᠠᠨ ᠠᠵᠢᠯᠴᠢᠨ ᠳᠤ ᠨᠢᠭᠡ ᠴᠣᠩᠬᠤᠪᠴᠢ ᠮᠠᠶ᠋ᠢᠭ ᠤᠨ᠂ ᠢᠯᠭᠠᠭ᠎ᠠ ᠥᠬᠡᠶ᠂ ᠪᠠᠷᠢᠮᠵᠢᠶᠠᠵᠢᠭᠰᠠᠨ | ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠵᠤ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠡᠶᠢᠭᠡᠮ ᠤᠨ | ᠳᠠᠭᠠᠳᠬᠠᠯ ᠤᠨ ᠭᠠᠷᠲᠠᠨ ᠭᠦᠢᠴᠡᠳᠭᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ |