2025 ᠣᠨ ᠤ ᠨᠢᠭᠡᠳᠦᠭᠡᠷ ᠤᠯᠠᠷᠢᠯ ᠳᠤ ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠡᠵᠡᠩᠨᠡᠯᠲᠡ ᠶᠢᠨ ᠭᠤᠣᠯ ᠴᠣᠭᠴᠠ ᠶᠢᠨ ᠨᠡᠮᠡᠭᠳᠡᠯ ᠤᠨ ᠬᠠᠨᠲᠤᠰᠢ ᠰᠠᠶᠢᠨ ᠪᠠᠶᠢᠨ᠎ᠠ᠃ ᠰᠢᠨ᠎ᠡ ᠪᠠᠷ | ᠨᠡᠮᠡᠭᠳᠡᠭᠰᠡᠨ ᠡᠵᠡᠩᠨᠡᠯᠲᠡ ᠶᠢᠨ ᠭᠤᠤᠯ ᠴᠣᠭᠴᠠ 793 ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 35. | 8% ᠪᠠᠷ ᠨᠡᠮᠡᠭᠳᠡᠪᠡ᠃ ᠡᠭᠦᠨ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠢᠯᠡᠷᠡᠯ ᠲᠣᠪᠤᠶᠢᠮ᠎ᠠ | ᠪᠠᠶᠢᠵᠤ᠂ ᠨᠡᠮᠡᠭᠳᠡᠯ ᠤᠨ ᠬᠤᠷᠳᠤᠴᠠ ᠨᠢ 43.7% ᠳᠤ ᠬᠦᠷᠴᠦ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ | ᠴᠣᠭᠴᠠ ᠶᠢᠨ ᠳᠣᠲᠣᠷ᠎ᠠ ᠭᠠᠭᠴᠠᠭᠠᠷ ᠡᠵᠡᠮᠰᠢᠪᠡ᠃ | ᠠᠮᠵᠢᠯᠲᠠ ᠶᠢᠨ ᠠᠷᠤ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠬᠦᠴᠦᠲᠡᠢ ᠠᠷᠭ᠎ᠠ ᠬᠡᠮᠵᠢᠶ᠎ᠡ ᠪᠣᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯ᠎ᠠ ᠪᠠᠷ᠂ | ︽ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠤᠷᠠᠮᠠᠯ ᠦᠢᠯᠡᠴᠢᠯᠡᠭᠡ︾ ᠶᠢ ᠰᠢᠨ᠎ᠡ ᠪᠠᠷ ᠡᠭᠦᠳᠦᠨ | ᠭᠠᠷᠭᠠᠵᠤ᠂ ᠠᠵᠤ ᠠᠬᠤᠶᠢᠯᠠᠯ ᠢ ᠨᠡᠭᠡᠭᠡᠨ ᠬᠥᠭᠵᠢᠭᠦᠯᠬᠦ᠂ ᠬᠤᠪᠢᠷᠠᠭᠤᠯᠬᠤ ᠵᠡᠷᠭᠡ 7 ᠶᠡᠭᠡ ᠱᠠᠲᠤ ᠦᠶ᠎ᠡ ᠶᠢᠨ | ᠬᠡᠯᠪᠡᠷᠢ ᠶᠢᠨ ᠦᠢᠯᠡᠴᠢᠯᠡᠭᠡᠨ ᠤ ᠲᠤᠰᠬᠠᠶ ᠲᠣᠭᠤᠷᠢᠭ ᠢ ᠪᠠᠶᠢᠭᠤᠯᠵᠤ᠂ ︽ᠨᠢᠭᠡ ᠬᠦᠰᠦᠨᠦᠭᠲᠦ ᠪᠠᠷ ᠲᠣᠭᠲᠠᠭᠠᠬᠤ᠂ | ᠨᠢᠭᠡ ᠨᠣᠮᠧᠷ ᠢᠶᠠᠷ ᠮᠡᠳᠡᠭᠳᠡᠬᠦ᠂ ᠨᠢᠭᠡ ᠯᠡ ᠤᠳᠠᠭ᠎ᠠ ᠳᠤ ᠲᠤᠰᠢᠶᠠᠬᠤ︾ ᠲᠦᠢᠯ ᠤᠨ ᠲᠥᠬᠦᠮ ᠬᠢᠨᠠᠨ ᠵᠥᠪᠰᠢᠶᠡᠷᠡᠬᠦ | ᠴᠤᠪᠤᠷᠠᠯ ᠢ ᠪᠡᠶᠡᠯᠡᠭᠦᠯᠵᠦ᠂ ᠠᠵᠤ ᠠᠬᠤᠶᠢᠯᠠᠯ ᠨᠡᠭᠡᠭᠡᠨ ᠡᠷᠭᠢᠯᠡᠬᠦ ᠪᠥᠬᠦ ᠶᠠᠪᠤᠴᠠ ᠶᠢᠨ ᠴᠠᠭ ᠢ ᠪᠠᠭᠠᠰᠬᠠᠪᠠ᠃ | ᠭᠤᠣᠯᠳᠠᠯᠭ᠎ᠠ ᠲᠠᠢ ᠲᠥᠷᠥᠯ ᠵᠦᠢᠯ ᠳᠤ ᠴᠢᠭᠯᠡᠭᠦᠯᠦᠨ᠂ ︽ᠮᠥᠷᠳᠡᠨ ᠭᠦᠢᠴᠡᠳᠬᠡᠬᠦ︾ ᠲᠣᠭᠲᠠᠴᠠ ᠶᠢ | ᠬᠡᠷᠡᠭᠵᠢᠭᠦᠯᠦᠨ᠎ᠡ᠃ | ᠠᠵᠤ ᠠᠬᠤᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ ᠬᠤᠪᠣᠷ ᠰᠢᠷᠤᠢ ᠶᠢᠨ ᠳᠡᠭᠡᠳᠦ | ᠰᠢᠨ᠎ᠡ ᠮᠡᠷᠭᠡᠵᠢᠯ ᠤᠨ ᠣᠷᠣᠨ ᠣᠯᠠᠨ ᠳᠡᠰ ᠳᠠᠪᠬᠤᠷᠭ᠎ᠠ ᠶᠢᠨ ᠨᠠᠷᠢᠯᠢᠭ ᠣᠨᠣᠪᠴᠢᠲᠠᠢ ᠦᠢᠯᠡᠴᠢᠯᠡᠭᠡᠨ ᠤ ᠰᠢᠰᠲ᠋ᠧᠮ | ᠢ ᠪᠠᠢᠭᠤᠯᠤᠨ᠎ᠠ᠃ ︽ᠠᠵᠢᠯ ᠣᠯᠭᠤᠯᠲᠠ ᠶᠢᠨ ᠦᠢᠯᠡᠴᠢᠯᠡᠭᠡᠨ ᠤ ᠲᠤᠰᠬᠠᠶ ᠲᠤᠰᠢᠶᠠᠯᠲᠠᠳ ᠤᠨ | ᠳᠠᠭᠠᠭᠠᠴᠢᠯᠠᠯᠲᠠ ᠶᠢᠨ ᠲᠦᠷᠢᠮ︾ ᠤᠨ ᠳᠣᠤᠷ᠎ᠠ᠂ 275 ᠰᠦᠯᠵᠢᠶᠡᠨ ᠤ ᠠᠵᠢᠯᠲᠠᠨ ᠠᠵᠤ ᠠᠬᠤᠶᠢᠯᠠᠯ ᠤᠨ | ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠤᠰᠬᠠᠶ ᠲᠠᠯᠠᠪᠤᠷ | ᠠᠵᠢᠯᠲᠠᠨ ᠡᠯᠰᠡᠬᠦ ᠠᠵᠢᠯᠯᠠᠭ᠎ᠠ ᠡᠷᠭᠢᠯᠡᠬᠦ᠂ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ | ᠵᠠᠩᠭᠢ ᠶᠢ ᠨᠡᠶᠢᠲᠡᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠦᠲᠦᠴᠡ ᠶᠢᠨ ᠴᠢᠨᠠᠷᠲᠠᠶ ᠠᠵᠢᠯᠴᠢᠨ ᠬᠡᠷᠡᠭᠯᠡᠬᠦ | ᠵᠥᠷᠢᠴᠡᠯ ᠢ ᠪᠦᠲᠦᠮᠵᠢᠲᠡᠶ ᠨᠠᠮᠳᠠᠭᠤᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ | ᠴᠢᠭᠯᠡᠭᠦᠯᠦᠨ᠂ ᠪᠥᠬᠦ ᠬᠤᠲᠠ ᠳᠤ ︽ᠠᠵᠤ ᠠᠬᠤᠶᠢᠯᠠᠯ ᠤᠨ ᠰᠢᠨ᠎ᠡ ᠶᠢ ᠡᠭᠦᠳᠴᠦ ᠬᠤᠪᠢ ᠬᠤᠷᠠᠮᠳᠤᠭᠤᠯᠬᠤ | ᠳᠦᠷᠢᠮ︾ ᠤᠨ ᠠᠵᠢᠯ ᠢ ᠤᠷᠢᠳᠠᠪᠠᠷ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠭᠤᠶᠤᠴᠢᠯᠠᠨ ᠮᠡᠳᠡᠭᠦᠯᠬᠦ᠂ ᠪᠡᠯᠡ | ᠬᠤᠷᠠᠮᠳᠤᠭᠤᠯᠬᠤ ᠶᠢ ᠵᠣᠯᠭᠠᠭᠤᠯᠬᠤ ᠵᠡᠷᠭᠡ ᠦᠢᠯᠡᠴᠢᠯᠡᠭᠡ ᠶᠢ ᠬᠤᠷᠠᠮᠳᠤᠭᠤᠯᠤᠨ᠂ ᠠᠵᠤ ᠠᠬᠤᠶᠢᠯᠠᠯ ᠳᠤ ︽ | ᠰᠢᠨ᠎ᠡ ᠶᠢ ᠡᠭᠦᠳᠴᠦ ᠬᠤᠪᠢ ᠬᠤᠷᠠᠮᠳᠤᠭᠤᠯᠬᠤ ᠵᠢᠭᠡᠯᠡᠯᠭᠡ︾ ᠵᠡᠷᠭᠡ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠵᠤ | ᠂ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠳ᠋ᠦᠩᠰᠢᠭᠤᠷ ᠲᠥᠭᠦᠷᠢᠭ ᠢ ᠳᠠᠪᠠᠪᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢ ᠣᠯᠭᠤᠬᠤ ᠪᠠ ᠠᠵᠤ ᠦᠢᠯᠡᠰ ᠢ ᠲᠡᠰ ᠳᠡᠪᠰᠢᠭᠦᠯᠬᠦ | ᠲᠠᠯ᠎ᠠ ᠪᠠᠷ᠂ 160 ᠭᠠᠷᠤᠢ ᠰᠤᠳᠤᠯᠤᠨ ᠨᠡᠭᠡᠭᠡᠬᠦ ᠲᠠᠪᠴᠠᠩ ᠳᠤ ᠲᠦᠰᠢᠭᠯᠡᠨ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠨᠴᠠ ᠲᠣᠮᠢᠯᠠᠭᠳᠠᠭᠴᠢ︾ ᠶᠢᠨ ᠦᠢᠯᠡᠴᠢᠯᠡᠭᠡᠨ ᠤ ᠲᠣᠣᠷ ᠢ ᠪᠠᠶᠢᠭᠤᠯᠵᠤ᠂ ᠠᠵᠤ ᠠᠬᠤᠶᠢᠯᠠᠯ ᠳᠤ | ᠮᠡᠷᠭᠡᠵᠢᠯ ᠤᠨ ᠣᠨᠣᠰᠢᠯᠠᠯᠲᠠ᠂ ᠦᠷ᠎ᠡ ᠪᠦᠲᠦᠭᠡᠯ ᠢ ᠣᠨᠳᠣᠣᠰᠢᠭᠤᠯᠬᠤ ᠵᠡᠷᠭᠡ ᠪᠦᠬᠦ ᠬᠡᠯᠬᠢᠶᠡᠨ ᠤ ᠦᠢᠯᠡᠴᠢᠯᠡᠭᠡ | ᠬᠠᠩᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠶᠢ | ᠠᠬᠢᠭᠤᠯᠪᠠ᠃ | ᠣᠳᠣᠬᠠᠨ ᠪᠣᠯᠲᠠᠯ᠎ᠠ᠂ ᠪᠥᠬᠦ ᠣᠷᠣᠨ ᠤ ᠦᠷᠭᠦᠯᠵᠢᠯᠡᠨ ᠡᠵᠡᠩᠨᠡᠬᠦ ᠭᠤᠤᠯ ᠴᠣᠭᠴᠠ ᠶᠢᠨ ᠲᠤᠭ᠎ᠠ ᠨᠢᠭᠡᠨᠲᠡ | 24806 ᠪᠣᠯᠵᠣ᠂ ᠠᠵᠤ ᠠᠬᠤᠶᠢᠯᠠᠯ ᠬᠢᠭᠡᠳ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠴᠥᠮ 1. | 2 ᠲᠦᠮᠡ ᠶᠢ ᠳᠠᠪᠠᠪᠠ᠃ |