ᠣᠶᠢᠷ᠎ᠠ ᠳᠤ᠂ ᠲᠣᠭᠤᠭᠠᠨᠪᠣᠯᠠᠭ ᠪᠠᠯᠭᠠᠰᠤᠨ ᠤ ᠤᠯᠠᠭᠠᠨ ᠲᠤᠭ ᠨᠡᠶᠢᠭᠡᠮ ᠲᠣᠭᠤᠷᠢᠭ ᠬᠢᠭᠡᠳ ᠥᠪᠥᠷ ᠮᠣᠩᠭᠤᠯ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠰᠢᠷᠣᠢ ᠮᠣᠳᠣᠨ ᠤ ᠢᠨᠵᠧᠨᠧᠷᠢᠩ ᠤᠨ | ᠳᠡᠭᠡᠳᠦ ᠰᠤᠷᠭᠠᠭᠤᠯᠢ ᠨᠡᠶᠢᠭᠡᠮ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠬᠤ ᠭᠠᠷ ᠤᠨ | ᠥᠰᠥᠭ ᠵᠢᠷᠤᠬᠤ ᠶᠣᠰᠣᠯᠠᠯ ᠢ ᠠᠮᠵᠢᠯᠲᠠ ᠲᠠᠢ ᠶᠠᠪᠤᠭᠳᠠᠭᠤᠯᠪᠠ᠃ | | | | | ᠭᠠᠷ ᠤᠨ ᠦᠰᠦᠭ ᠵᠢᠷᠣᠵᠣ ᠰᠣᠷᠭᠠᠭᠤᠯᠢ ᠨᠡᠶᠢᠭᠡᠮ ᠭᠠᠷ ᠬᠤᠯᠪᠣᠯᠴᠠᠨ ᠬᠠᠮᠳᠣ ᠦᠢᠯᠡᠳᠦᠯᠭᠡᠨ ᠲᠠᠪᠴᠠᠩ | ᠪᠠᠶᠢᠭᠤᠯᠣᠨ᠎ᠠ | ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠶᠠᠪᠤᠳᠠᠯ ᠤᠨ | ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠨᠡᠶᠢᠭᠡᠮ ᠲᠣᠭᠤᠷᠢᠭ ᠤᠨ ᠬᠢᠨ ᠰᠢᠨᠵᠢᠯᠡᠬᠦ ᠣᠬᠠᠭᠠᠨ ᠲᠧᠭᠨᠢᠭ | ᠮᠡᠷᠭᠡᠵᠢᠯ ᠤᠨ ᠶᠡᠭᠡ ᠰᠣᠷᠭᠠᠭᠤᠯᠢ ᠶᠢᠨ ᠰᠢᠷᠣᠢ ᠮᠣᠳᠣᠨ ᠤ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ | ᠰᠤᠷᠤᠭᠴᠢᠳ ᠲᠤ ᠡᠯᠪᠡᠭ ᠪᠠᠶᠠᠯᠢᠭ ᠤᠯᠠᠨ ᠶᠠᠩᠵᠤ ᠶᠢᠨ ᠦᠢᠯᠡᠳᠦᠯᠭᠡ ᠶᠢᠨ ᠦᠵᠡᠭᠳᠡᠯ ᠬᠠᠩᠭᠠᠵᠤ᠂ ᠨᠡᠶᠢᠭᠡᠮ | ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠠᠶᠢᠴᠠᠭᠠᠨ ᠰᠤᠳᠤᠯᠤᠯᠲᠠ᠂ ᠬᠠᠳᠤᠨ ᠭᠤᠣᠯ ᠤᠨ ᠲᠠᠩ ᠭᠠᠵᠠᠷ ᠢ | ᠴᠡᠪᠡᠷᠯᠡᠬᠦ ᠠᠵᠢᠯᠯᠠᠭ᠎ᠠ᠂ ᠪᠠᠭ᠎ᠠ ᠲᠣᠭᠤᠷᠢᠭ ᠤᠨ ᠲᠥᠬᠦᠭᠡᠷᠦᠮᠵᠢ ᠶᠢᠨ ᠤᠷᠠᠯᠢᠭ ᠤᠨ ᠥᠭᠡᠷᠡᠴᠢᠯᠡᠯᠲᠡ ᠵᠡᠷᠭᠡ | ᠠᠵᠢᠯᠯᠠᠭ᠎ᠠ ᠪᠠᠷ ᠳᠠᠮᠵᠢᠭᠤᠯᠵᠤ᠂ ᠰᠤᠷᠤᠭᠴᠢᠳ ᠤᠨ ᠲᠤᠰᠬᠠᠢ ᠮᠡᠷᠭᠡᠵᠢᠯ ᠤᠨ ᠮᠡᠳᠡᠯᠭᠡ ᠶᠢᠨ ᠲᠤᠬᠠᠢ ᠲᠠᠨᠢᠯᠲᠠ ᠶᠢ | ᠴᠢᠩᠭᠠᠳᠬᠠᠵᠤ᠂ ᠰᠤᠷᠤᠭᠴᠢᠳ ᠤᠨ ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠤᠨ᠎ᠠ᠃ | ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠪᠠᠭᠰᠢ ᠶᠢᠨ ᠡᠩᠨᠡᠭᠡ᠂ ᠰᠣᠷᠣᠭᠴᠢ ᠶᠢᠨ ᠣᠨᠣᠯ ᠤᠨ | ᠮᠡᠳᠡᠯᠭᠡ ᠶᠢᠨ ᠨᠥᠭᠡᠴᠡ ᠨᠢ ᠨᠡᠶᠢᠭᠡᠮ ᠲᠣᠭᠤᠷᠢᠭ ᠤᠨ ᠬᠥᠭᠵᠢᠯᠲᠡ ᠳᠤ ᠰᠢᠨ᠎ᠡ ᠰᠡᠳᠬᠢᠮᠵᠢ ᠬᠠᠩᠭᠠᠵᠤ᠂ ᠰᠢᠨ᠎ᠡ | ᠬᠠᠷᠠᠭᠠᠰᠤ ᠶᠢ ᠠᠭᠤᠳᠠᠯᠤᠨ᠂ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠵᠦ᠂ ᠰᠤᠷᠭᠠᠭᠤᠯᠢ ᠨᠡᠶᠢᠭᠡᠮ ᠤᠨ ᠡᠬᠢ | ᠪᠠᠶᠠᠯᠢᠭ ᠢ ᠬᠠᠮᠲᠤ ᠪᠠᠷ ᠡᠳ᠋ᠯᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠬᠦ ᠪᠣᠯᠣᠨ᠎ᠠ᠃ | | | | ᠬᠠᠲᠤᠨ ᠭᠤᠣᠯ ᠢ ᠰᠠᠬᠢᠨ ᠬᠠᠮᠠᠭᠠᠯᠠᠵᠤ ᠵᠠᠯᠠᠭᠤ ᠨᠠᠰᠤ ᠪᠠᠷ ᠢᠶᠠᠨ ᠠᠮᠢ ᠠᠬᠤᠢ ᠶᠢᠨ ᠵᠢᠷᠤᠭ ᠢ ᠵᠢᠷᠣᠭᠯᠠᠨ᠎ᠠ | ᠭᠠᠷ ᠤᠨ ᠦᠰᠦᠭ ᠵᠢᠷᠤᠬᠤ ᠶᠣᠰᠣᠯᠠᠯ ᠤᠨ ᠲᠠᠷᠠᠭ᠎ᠠ᠂ ᠰᠢᠷᠣᠢ ᠮᠣᠳᠣᠨ ᠤ ᠢᠨᠵᠧᠨᠧᠷᠢᠩ ᠤᠨ ᠳᠡᠭᠡᠳᠦ | ᠰᠤᠷᠭᠠᠭᠤᠯᠢ ᠶᠢᠨ ᠰᠤᠷᠤᠭᠴᠢᠳ ᠨᠡᠶᠢᠭᠡᠮ ᠲᠣᠭᠤᠷᠢᠭ ᠤᠨ ᠠᠵᠢᠯᠲᠠᠳ ᠲᠠᠢ ᠬᠠᠮᠲᠤᠪᠠᠷ ︽ᠬᠠᠳᠤᠨ ᠭᠤᠣᠯ ᠤᠨ | ᠠᠮᠢ ᠠᠬᠤᠢ ᠶᠢᠨ ᠬᠠᠯᠬᠠᠪᠴᠢ ᠶᠢ ᠰᠠᠬᠢᠨ ᠬᠠᠮᠠᠭᠠᠯᠠᠵᠤ ᠵᠠᠯᠠᠭᠤ ᠨᠠᠰᠤᠨ ᠤ ᠪᠣᠬᠢᠷᠲᠤᠯ ᠦᠭᠡᠢ ᠬᠦᠰᠡᠯ ᠵᠡᠭᠦᠳᠦ ᠪᠠᠨ | ᠬᠠᠮᠲᠤᠪᠠᠷ ᠴᠣᠭᠴᠠᠯᠠᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠡᠢ᠃ ᠬᠠᠮᠲᠤ ᠰᠤᠷᠤᠭᠴᠢᠳ ᠰᠠᠶᠢᠨ | ᠳᠤᠷ᠎ᠠ ᠶᠢᠨ ᠠᠵᠢᠯᠯᠠᠭᠰᠠᠳ ᠲᠠᠢ ᠪᠠᠨ ᠬᠠᠳᠤᠨ ᠭᠤᠣᠯ ᠤᠨ ᠬᠥᠪᠡᠭᠡᠨ ᠳᠤ ᠴᠤᠭᠯᠠᠷᠠᠵᠤ᠂ ᠣᠷᠭᠢᠯᠤᠮ᠎ᠠ ᠬᠠᠯᠠᠭᠤᠨ | ᠰᠡᠳᠬᠢᠯᠭᠡ ᠪᠠᠷ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯᠯᠠᠭ᠎ᠠ ᠳᠤ ᠣᠷᠣᠯᠴᠠᠪᠠ᠃ | | | | ᠢᠷᠡᠭᠡᠳᠦᠢ ᠳᠤ ᠰᠤᠷᠭᠠᠭᠤᠯᠢ ᠪᠠ ᠨᠡᠶᠢᠭᠡᠮ ᠬᠤᠷᠢᠶ᠎ᠠ ᠶᠢᠨ ᠬᠠᠮᠵᠢᠯᠴᠠᠨ ᠬᠥᠭᠵᠢᠬᠦ ᠵᠠᠭᠪᠤᠷ ᠢ ᠪᠣᠶ ᠪᠣᠯᠭᠠᠨ᠎ᠠ | ᠦᠢᠯᠡᠳᠦᠯᠭᠡ ᠶᠢᠨ ᠰᠠᠭᠤᠷᠢᠨ ᠢ ᠪᠠᠶᠢᠭᠤᠯᠬᠤ ᠪᠣᠯ ᠣᠯᠠᠭᠠᠨᠳᠤᠭ ᠨᠡᠶᠢᠭᠡᠮ ᠲᠣᠭᠤᠷᠢᠭ ᠤᠨ ︽ᠬᠠᠮᠲᠤᠪᠠᠷ | ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ︾ ᠦᠨᠳᠦᠰᠦᠨ ᠱᠠᠲᠤᠨ ᠤ ᠵᠠᠰᠠᠯᠲᠠ ᠶᠢᠨ ᠣᠶᠢᠯᠠᠭᠠᠭᠳᠠᠬᠤᠨ ᠢ | ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠬᠤᠶᠠᠷ ᠲᠠᠯ᠎ᠠ ᠪᠠᠷ ᠢᠶᠠᠨ ᠨᠡᠶᠢᠭᠡᠮ ᠲᠣᠭᠤᠷᠢᠭ ᠤᠨ | ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠪᠠᠷᠢᠯᠭ᠎ᠠ ᠶᠢᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ᠂ ᠰᠠᠶᠢᠨ ᠳᠤᠷ᠎ᠠ ᠶᠢᠨ ᠦᠢᠯᠡᠴᠢᠯᠡᠭᠡ᠂ ᠰᠠᠭᠤᠷᠢᠰᠢᠬᠤ ᠳᠤ ᠲᠣᠬᠢᠷᠠᠮᠵᠢᠲᠠᠢ ᠨᠡᠶᠢᠭᠡᠮ ᠲᠣᠭᠤᠷᠢᠭ ᠢ | ᠥᠭᠡᠷᠡᠴᠢᠯᠡᠨ ᠰᠠᠶᠢᠵᠢᠷᠠᠭᠤᠯᠬᠤ ᠵᠡᠷᠭᠡ ᠭᠤᠣᠯ ᠰᠡᠳᠦᠪ ᠤᠨ ᠲᠣᠭᠤᠷᠢᠨ ᠳᠤ ᠰᠢᠷᠢᠰ ᠠᠵᠢᠯᠯᠠᠭ᠎ᠠ ᠥᠷᠨᠢᠭᠦᠯᠵᠦ᠂ | ᠶᠡᠭᠡ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠪᠣᠯᠣᠨ ᠨᠡᠶᠢᠭᠡᠮ ᠲᠣᠭᠤᠷᠢᠭ ᠤᠨ ᠬᠡᠷᠡᠭᠴᠡᠭᠡ ᠶᠢ ᠤᠨᠢᠨ ᠳᠡᠭᠡᠷ᠎ᠡ | ᠨᠢ ᠵᠣᠯᠭᠠᠭᠤᠯᠬᠤ ᠶᠢ ᠠᠬᠢᠭᠤᠯᠵᠤ᠂ ︽ᠶᠡᠭᠡ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠢ ᠳᠣᠷᠣᠭᠰᠢ ᠪᠠᠭᠤᠯᠭᠠᠬᠤ᠂ | ᠨᠡᠶᠢᠭᠡᠮ ᠲᠣᠭᠤᠷᠢᠭ ᠤᠨ ᠬᠡᠷᠡᠭᠴᠡᠭᠡ ᠶᠢ ᠵᠣᠯᠭᠠᠭᠤᠯᠬᠤ᠂ ᠦᠷ᠎ᠡ ᠪᠦᠲᠦᠭᠡᠯ ᠢ ᠨᠢ ᠲᠡᠳᠬᠦᠬᠦ ᠵᠢᠭᠠᠨ ᠰᠤᠷᠭᠠᠯᠲᠠ︾ | ᠰᠤᠷᠭᠠᠭᠤᠯᠢ ᠨᠡᠶᠢᠭᠡᠮ ᠤᠨ ᠬᠠᠮᠲᠤᠷᠠᠯᠴᠠᠭᠠᠨ ᠤ ᠵᠠᠭᠪᠤᠷ ᠢ ᠰᠦᠪᠡᠭᠴᠢᠯᠡᠵᠦ᠂ ᠳᠡᠯᠭᠡᠷᠡᠭᠦᠯᠦᠨ ᠲᠦᠭᠡᠮᠡᠯᠵᠢᠭᠦᠯᠵᠦ | ᠪᠣᠯᠬᠤ ᠦᠨᠳᠦᠰᠦᠨ ᠱᠠᠲᠤᠨ ᠤ ᠵᠠᠰᠠᠯᠲᠠ ᠶᠢᠨ ᠲᠤᠷᠰᠢᠯᠭ᠎ᠠ ᠶᠢ ᠠᠯᠬᠤᠮ ᠠᠯᠬᠤᠮ ᠢᠶᠠᠷ ᠳ᠋ᠦᠩᠨᠡᠨ | ᠪᠦᠷᠢᠯᠳᠦᠭᠦᠯᠬᠦ ᠪᠠᠷ ᠲᠥᠯᠥᠪᠯᠡᠵᠦ ᠪᠤᠢ᠃ |