ᠬᠤᠪᠣᠷ ᠰᠢᠷᠣᠢ ᠶᠢᠨ ᠬᠡᠷᠡᠯ ᠤᠨ ᠴᠢᠳᠠᠮᠵᠢᠲᠤ ᠮᠠᠲ᠋ᠧᠷᠢᠶᠠᠯ ᠤᠨ ᠬᠠᠮᠲᠤᠷᠠᠭᠰᠠᠨ ᠲᠤᠷᠰᠢᠯᠲᠠ ᠶᠢᠨ ᠲᠠᠰᠤᠭ ᠵᠢᠩᠬᠢᠨᠢ ᠪᠠᠷ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2025/5/7
  4 ᠳ᠋ᠤᠭᠡᠷ ᠰᠠᠷ᠎ᠠ ᠶᠢᠨ 30 ᠤ ᠡᠳᠦᠷ᠂ ᠥᠪᠥᠷ ᠮᠣᠩᠭᠤᠯ ᠤᠨ ᠭᠦᠸᠧ ᠴᠣᠸᠠᠩ ᠬᠤᠪᠣᠷ ᠦᠢᠯᠡᠳᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠢᠭᠡᠳ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠬᠠᠮᠲᠤᠷᠠᠨ ᠪᠠᠶᠢᠭᠤᠯᠤᠭᠰᠠᠨ ︽ᠬᠤᠪᠣᠷ ᠰᠢᠷᠣᠢ ᠶᠢᠨ ᠬᠡᠷᠡᠯ ᠤᠨ ᠴᠢᠳᠠᠮᠵᠢᠲᠤ ᠮᠠᠲ᠋ᠧᠷᠢᠶᠠᠯ ᠤᠨ ᠬᠠᠮᠲᠤᠷᠠᠭᠰᠠᠨ ᠲᠤᠷᠰᠢᠯᠲᠠ ᠶᠢᠨ ᠲᠠᠰᠤᠭ︾ ᠵᠢᠩᠬᠢᠨᠢ ᠪᠠᠷ ᠫᠠᠶᠢᠰᠠ ᠰᠡᠬᠦᠪᠡ᠃ ᠡᠨᠡ ᠪᠣᠯ ᠪᠤᠭᠤᠲᠤ ᠬᠤᠲᠠ ᠶᠢᠨ ᠬᠤᠪᠣᠷ ᠰᠢᠷᠣᠢ ᠶᠢᠨ ᠬᠡᠷᠡᠯ ᠤᠨ ᠴᠢᠳᠠᠮᠵᠢ ᠶᠢᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠠᠩᠬᠠᠳᠠᠭᠴᠢ ᠲᠤᠰᠬᠠᠢ ᠮᠡᠷᠭᠡᠵᠢᠯ ᠤᠨ ᠲᠤᠷᠰᠢᠯᠲᠠ ᠶᠢᠨ ᠲᠠᠰᠤᠭ ᠪᠣᠯᠣᠨ᠎ᠠ᠃
   ᠬᠠᠮᠲᠤᠷᠠᠭᠰᠠᠨ ᠲᠤᠷᠰᠢᠯᠲᠠ ᠶᠢᠨ ᠲᠠᠰᠤᠭ ᠨᠢ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠬᠤᠪᠣᠷ ᠰᠢᠷᠣᠢ ᠶᠢᠨ ᠭᠡᠷᠡᠯ ᠰᠠᠴᠤᠷᠠᠭᠤᠯᠬᠤ᠂ ᠭᠡᠷᠡᠯ ᠤᠨ ᠬᠤᠪᠢᠷᠠᠭᠤᠯᠤᠯᠲᠠ ᠵᠡᠷᠭᠡ ᠬᠤᠰᠢᠭᠤᠷᠠᠯ ᠬᠦᠷᠢᠶᠡᠨ ᠳᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠬᠤᠷᠠᠮᠳᠤᠭᠤᠯᠤᠯ ᠳᠤ ᠲᠦᠰᠢᠭᠯᠡᠵᠦ᠂ ᠤᠯᠤᠰ ᠤᠨ ᠡᠭᠦᠳᠦᠯᠲᠡ ᠶᠢᠨ ᠬᠤᠪᠣᠷ ᠴᠤᠬᠠᠭ ᠪᠦᠲᠦᠭᠡᠭᠳᠡᠬᠦᠨ ᠤ ᠠᠵᠤ ᠦᠢᠯᠡᠰ ᠤᠨ ᠬᠤᠪᠢᠷᠠᠭᠤᠯᠤᠯᠲᠠ ᠪᠠ ᠵᠠᠬ᠎ᠠ ᠳᠡᠯᠭᠡᠭᠦᠷ ᠤᠨ ᠳᠠᠪᠠᠭᠤᠯᠢᠭ ᠲᠠᠢ ᠤᠶᠠᠯᠳᠤᠭᠤᠯᠤᠨ᠂ ︽ᠰᠠᠭᠤᠷᠢ ᠰᠤᠳᠤᠯᠭᠠᠨ ︱ ᠮᠡᠷᠭᠡᠵᠢᠯ ᠤᠨ ᠪᠣᠭᠤᠮᠲᠠ ᠰᠢᠪᠲᠤᠯᠬᠤ ︱ ᠦᠷ᠎ᠡ ᠪᠦᠲᠦᠭᠡᠯ ᠢ ᠪᠣᠳᠠᠲᠠᠶᠢᠵᠢᠭᠤᠯᠬᠤ︾ ᠪᠥᠬᠦ ᠬᠡᠯᠬᠢᠶ᠎ᠡ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠵᠠᠪᠰᠠᠷ ᠦᠭᠡᠢ ᠵᠣᠯᠭᠠᠭᠤᠯᠵᠤ᠂ ᠬᠤᠪᠣᠷ ᠰᠢᠷᠣᠢ ᠶᠢᠨ ᠮᠠᠲ᠋ᠧᠷᠢᠶᠠᠯ ᠤᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠳᠤ ᠥᠨᠳᠥᠷ ᠪᠦᠲᠦᠮᠵᠢᠲᠡᠶ ᠠᠷᠭ᠎ᠠ ᠵᠠᠮ ᠢ ᠨᠡᠭᠡᠭᠡᠨ᠎ᠡ᠃
    ᠭᠦᠸᠧ ᠴᠣᠸᠠᠩ ᠨᠡᠷᠡᠮᠵᠢᠲᠦ ᠬᠤᠪᠣᠷ ᠡᠳ᠋ ᠦᠢᠯᠡᠳᠪᠦᠷᠢᠯᠡᠬᠦ ᠲᠠᠰᠤᠭ ᠲᠤ ᠬᠦᠷᠬᠦ ᠳᠤ᠂ 4 ᠳ᠋ᠣᠭᠡᠷ ᠨᠣᠮᠧᠷᠲᠤ ᠬᠤᠪᠣᠷ ᠰᠢᠷᠣᠢ ᠶᠢᠨ ᠭᠡᠷᠡᠯ ᠤᠨ ᠴᠢᠳᠠᠪᠬᠢᠲᠤ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ ᠢ ᠲᠤᠷᠰᠢᠨ ᠦᠢᠯᠡᠳᠪᠦᠷᠢᠯᠡᠵᠦ ᠲᠤᠷᠰᠢᠨ ᠲᠣᠬᠢᠷᠠᠭᠤᠯᠵᠤ ᠪᠤᠢ᠃ ᠮᠡᠷᠭᠡᠵᠢᠯ ᠤᠨ ᠠᠵᠢᠯᠲᠠᠳ ᠨᠠᠨᠦᠮᠧᠲᠷ ᠤᠨ ᠲᠠᠰ ᠤᠨ ᠬᠤᠪᠣᠷ ᠰᠢᠷᠣᠢ ᠶᠢᠨ ᠬᠤᠯᠢᠮᠠᠯ ᠤᠷᠠᠯᠠᠯ ᠢ ᠬᠡᠷᠡᠭᠯᠡᠨ᠂ ᠯᠠᠨᠲ᠋ᠠᠨ᠂ ᠼᠧᠷᠢ ᠶᠢᠨ ᠡᠯᠧᠮᠧᠨ᠋ᠲ ᠢ ᠬᠡᠷᠡᠯ ᠳᠠᠮᠵᠢᠭᠤᠯᠬᠤ ᠬᠠᠪᠲᠠᠰᠤ ᠶᠢᠨ ᠰᠠᠭᠤᠷᠢ ᠮᠠᠲ᠋ᠧᠷᠢᠶᠠᠯ ᠳᠤ ᠨᠠᠷᠢᠯᠢᠭ ᠣᠨᠣᠴᠠᠲᠠᠢ ᠪᠠᠷ ᠠᠭᠤᠰᠬᠠᠨ ᠣᠷᠣᠭᠤᠯᠤᠨ᠎ᠠ᠃ ᠣᠳᠣᠬᠠᠨ ᠳᠤ᠂ ᠠᠵᠤ ᠠᠬᠤᠶᠢᠯᠠᠯ ᠤᠨ 4 ᠦᠢᠯᠡᠳᠪᠦᠷᠢᠯᠡᠯ ᠤᠨ ᠱᠤᠭᠤᠮ ᠨᠢᠭᠡᠨᠲᠡ ᠪᠠᠶᠢᠷᠢᠰᠢᠵᠤ᠂ ᠬᠤᠪᠣᠷ ᠰᠢᠷᠣᠢ ᠶᠢᠨ ᠬᠡᠷᠡᠯ ᠤᠨ ᠬᠤᠪᠢᠷᠠᠭᠤᠯᠤᠯᠲᠠ ᠶᠢᠨ ᠣᠶᠤᠨᠴᠢ ᠭᠡᠷᠡᠯᠲᠦᠭᠦᠯᠭᠡ ᠵᠡᠷᠭᠡ ᠦᠵᠦᠭᠦᠷ ᠤᠨ ᠦᠢᠯᠡᠳᠬᠦᠨ ᠢ ᠬᠠᠮᠤᠷᠴᠤ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ 7600 ᠲᠦᠮᠡᠨ ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠬᠤᠪᠣᠷ ᠰᠢᠷᠣᠢ ᠶᠢᠨ ᠬᠡᠷᠡᠯ ᠤᠨ ᠴᠢᠳᠠᠮᠵᠢᠲᠤ ᠮᠠᠲ᠋ᠧᠷᠢᠶᠠᠯ ᠤᠨ ᠭᠠᠷᠤᠯᠲᠠ ᠶᠢᠨ ᠬᠡᠮᠵᠢᠶ᠎ᠡ ᠶᠢᠨ ᠬᠤᠭᠤᠰᠤᠨ ᠢ ᠨᠥᠬᠦᠪᠦᠷᠢᠯᠡᠬᠦ ᠪᠣᠯᠣᠨ᠎ᠠ᠃
   ᠲᠤᠷᠰᠢᠯᠲᠠ ᠶᠢᠨ ᠲᠠᠰᠤᠭ ᠠᠴᠠ ᠪᠠᠰᠠ ᠠᠵᠤ ᠦᠢᠯᠡᠰ ᠤᠨ ᠲᠡᠰ ᠳᠡᠪᠰᠢᠬᠦ ᠪᠠᠴᠢᠮ ᠬᠡᠷᠡᠭᠴᠡᠭᠡ ᠶᠢ ᠲᠣᠭᠲᠠᠭᠠᠵᠤ᠂ ᠥᠨᠳᠥᠷ ᠪᠦᠲᠦᠮᠵᠢᠲᠡᠢ ᠬᠤᠪᠣᠷ ᠰᠢᠷᠣᠢ ᠶᠢᠨ ᠭᠡᠷᠡᠯ ᠤᠨ ᠴᠢᠳᠠᠪᠬᠢᠲᠤ ᠮᠠᠲ᠋ᠧᠷᠢᠶᠠᠯ ᠤᠨ LED ᠰᠢᠨ᠎ᠡ ᠬᠡᠯᠪᠡᠷᠢ ᠶᠢᠨ ᠦᠵᠡᠭᠦᠯᠦᠯᠭᠡ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠬᠡᠷᠡᠭᠯᠡᠭᠡᠨ ᠤ ᠪᠣᠭᠤᠮᠢ ᠶᠢ ᠭᠤᠣᠯᠳᠠᠯᠭ᠎ᠠ ᠲᠠᠢ ᠰᠢᠪᠲᠤᠯᠪᠠ᠃ ᠡᠭᠦᠨ ᠤ ᠬᠠᠮᠲᠤ᠂ ᠴᠢᠳᠠᠪᠤᠷᠢᠲᠠᠨ ᠢ ᠬᠥᠮᠥᠵᠢᠭᠦᠯᠬᠦ ᠪᠠ ᠠᠮᠢ ᠠᠬᠤᠢ ᠶᠢᠨ ᠪᠠᠶᠢᠭᠤᠯᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠰᠤᠷᠭᠠᠭᠤᠯᠢ ᠠᠵᠤ ᠠᠬᠤᠶᠢᠯᠠᠯ ᠫᠤᠰᠲ ᠳ᠋ᠣᠺᠲ᠋ᠣᠷ ᠤᠨ ᠠᠵᠢᠯ ᠤᠨ ᠥᠷᠲᠡᠭᠡ᠂ ᠬᠤᠣᠰ ᠴᠢᠭᠯᠡᠯ ᠢᠶᠠᠷ ᠰᠣᠯᠢᠯᠴᠠᠬᠤ ᠲᠣᠭᠲᠠᠴᠠ ᠪᠠᠷ ᠳᠠᠮᠵᠢᠭᠤᠯᠤᠨ᠂ ᠬᠠᠮ ᠬᠡᠯᠪᠡᠷᠢ ᠶᠢᠨ ᠴᠢᠳᠠᠪᠤᠷᠢᠲᠠᠨ ᠢ ᠬᠠᠨᠳᠤᠯᠭ᠎ᠠ ᠲᠠᠢ ᠪᠠᠷ ᠬᠥᠮᠥᠵᠢᠭᠦᠯᠬᠦ ᠶᠢᠨ ᠬᠠᠮᠲᠤ ︽ᠦᠢᠯᠡᠳᠪᠦᠷᠢᠯᠡᠬᠦ ᠵᠢᠭᠠᠬᠤ ᠰᠤᠳᠤᠯᠬᠤ ᠪᠡᠯᠡ ᠮᠥᠩᠭᠦ ᠬᠡᠷᠡᠭᠯᠡᠬᠦ︾ ᠶᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠮᠡᠷᠭᠡᠵᠢᠯ ᠤᠨ ᠳᠠᠪᠲᠠᠨ ᠣᠷᠤᠯᠠᠭᠤᠯᠤᠯᠲᠠ ᠳᠤ ᠣᠷᠣᠯᠴᠠᠬᠤ ᠶᠢ ᠲᠡᠳᠡᠨ ᠣᠷᠣᠯᠴᠠᠭᠤᠯᠵᠤ᠂ ᠬᠤᠪᠣᠷ ᠰᠢᠷᠣᠢ ᠶᠢᠨ ᠪᠤᠳᠤᠭᠲᠤ ᠪᠤᠳᠤᠭ ᠤᠨ ᠳᠡᠯᠭᠡᠴᠡ ᠵᠡᠷᠭᠡ ᠦᠢᠯᠡᠳᠬᠦᠨ ᠢ ᠣᠯᠠᠨ ᠬᠦᠷᠢᠶᠡᠨ ᠳᠤ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃    ᠤᠯᠤᠰ ᠤᠨ ᠡᠭᠦᠳᠦᠯᠲᠡ ᠶᠢᠨ ᠬᠤᠪᠣᠷ ᠡᠳ᠋ ᠤᠨ ᠶᠡᠷᠦᠩᠬᠡᠢ ᠳᠠᠭᠠᠭᠠᠮᠠᠯ ᠸᠠᠩ ᠷᠦᠢ ᠢᠯᠡᠷᠬᠡᠶᠢᠯᠡᠬᠦ ᠳᠡᠭᠡᠨ᠂ ᠰᠢᠨ᠎ᠡ ᠨᠢᠭᠡ ᠦᠶ᠎ᠡ ᠶᠢᠨ ᠬᠤᠪᠣᠷ ᠰᠢᠷᠣᠢ ᠶᠢᠨ ᠬᠡᠷᠡᠯ ᠤᠨ ᠴᠢᠳᠠᠮᠵᠢ ᠶᠢᠨ ᠮᠠᠲ᠋ᠧᠷᠢᠶᠠᠯ ᠢ ᠰᠤᠳᠤᠯᠤᠨ ᠨᠡᠭᠡᠭᠡᠬᠦ ᠬᠤᠷᠳᠤᠴᠠ ᠲᠦᠷᠭᠡᠳᠬᠦ ᠶᠢ ᠳᠠᠭᠠᠯᠳᠤᠨ᠂ ᠠᠵᠤ ᠦᠶᠢᠯᠡᠰᠵᠢᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠡᠬᠢᠯᠡᠵᠦ᠂ ᠢᠷᠡᠭᠡᠳᠦᠢ ᠶᠢᠨ 3 ︱ 5 ᠵᠢᠯ ᠳᠤ᠂ ᠤᠯᠤᠰ ᠤᠨ ᠡᠭᠦᠳᠦᠯᠲᠡ ᠶᠢᠨ ᠬᠤᠪᠣᠷ ᠡᠳ᠋ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠦᠷᠭᠦᠯᠵᠢᠯᠡᠨ ᠦᠢᠯᠡᠳᠪᠦᠷᠢᠯᠡᠯ ᠤᠨ ᠱᠤᠭᠤᠮ ᠤᠨ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠵᠤ᠂ ᠬᠤᠪᠣᠷ ᠰᠢᠷᠣᠢ ᠶᠢᠨ ᠠᠵᠤ ᠦᠢᠯᠡᠰ ᠤᠨ ᠳᠡᠭᠡᠳᠦ ᠲᠠᠰ ᠤᠨ᠂ ᠣᠶᠤᠨᠴᠢᠯᠠᠯᠲᠠ᠂ ᠪᠣᠬᠢᠷᠲᠤᠯ ᠦᠭᠡᠢ ᠳᠠᠰᠢ ᠤᠷᠤᠭᠰᠢᠯᠠᠬᠤ ᠳᠤ ᠬᠦᠴᠦᠨ ᠨᠡᠮᠡᠷᠢᠯᠡᠬᠦ ᠪᠣᠯᠣᠨ᠎ᠠ ᠭᠡᠵᠡᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号