ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ | ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠤᠯᠠᠨᠪᠤᠯᠠᠭ ᠪᠠᠯᠭᠠᠰᠤ ᠤᠳᠤ ᠦᠶ᠎ᠡ ᠶᠢᠨ | ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠤᠰᠤ ᠪᠤᠷᠳᠤᠭᠤᠷ ᠢ ᠨᠢᠭᠡ | ᠴᠤᠬᠴᠠᠵᠢᠭᠤᠯᠬᠤ ᠮᠡᠷᠭᠡᠵᠢᠯ ᠢ ᠳᠡᠯᠭᠡᠷᠡᠭᠦᠯᠬᠦ᠂ ᠪᠦᠬᠦ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠣᠣ | ᠪᠦᠷᠬᠦᠪᠴᠢ ᠶᠢ ᠬᠡᠷᠡᠭᠯᠡᠬᠦ᠂ ᠡᠷᠳᠡᠨᠢ ᠰᠢᠰᠢ ᠶᠢ ᠨᠢᠭᠲᠠ ᠳᠠᠷᠢᠵᠤ ᠵᠢᠱᠢᠶ᠎ᠡ ᠦᠵᠡᠭᠦᠯᠵᠦ ᠲᠠᠷᠢᠬᠤ ᠵᠢᠴᠢ ᠥᠨᠳᠥᠷ | ᠳᠠᠯᠠᠩ ᠲᠠᠢ ᠲᠥᠮᠥᠰᠥ ᠶᠢ ᠰᠢᠨᠵᠢᠯᠡᠬᠦ ᠤᠬᠠᠭᠠᠨᠴᠢ ᠪᠠᠷ ᠲᠠᠷᠢᠵᠤ ᠪᠤᠶᠢᠵᠢᠭᠤᠯᠬᠤ ᠵᠡᠷᠭᠡ ᠰᠢᠨ᠎ᠡ ᠮᠡᠷᠭᠡᠵᠢᠯ ᠢᠶᠠᠷ | ᠭᠠᠷᠳᠠᠴᠠ ᠪᠣᠯᠭᠠᠵᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠢ ᠪᠦᠬᠦ ᠲᠠᠯ᠎ᠠ ᠪᠠᠷ ᠬᠠᠮᠠᠭᠠᠯᠠᠵᠤ᠂ ᠪᠦᠬᠦ ᠵᠢᠯ ᠤᠨ ᠠᠮᠤ ᠪᠤᠳᠠᠭᠠᠨ ᠤ ᠤᠨᠠᠯᠲᠠ ᠶᠢ | ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃ | ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠤᠨ ᠪᠥᠬᠦ ᠪᠠᠯᠭᠠᠰᠤᠨ ᠤ ᠤᠰᠤ ᠪᠣᠷᠳᠣᠭᠤᠷ ᠢ ᠨᠢᠭᠡ | ᠴᠣᠭᠴᠠᠵᠢᠭᠤᠯᠤᠭᠰᠠᠨ ᠲᠥᠬᠦᠭᠡᠷᠦᠮᠵᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠬᠠᠮᠠᠭᠠᠯᠠᠬᠤ ᠶᠢᠨ ᠬᠠᠮᠲᠤ | ᠪᠣᠷᠣᠯᠠᠭᠤᠯᠭ᠎ᠠ ᠶᠢᠨ ᠳᠠᠷᠠᠭᠠᠬᠢ ᠦᠢᠯᠡᠴᠢᠯᠡᠭᠡᠨ ᠤ ᠪᠦᠷᠢᠨ ᠲᠡᠭᠦᠯᠳᠡᠷ ᠰᠢᠰᠲ᠋ᠧᠮ ᠢ ᠪᠠᠶᠢᠭᠤᠯᠵᠤ᠂ | ᠲᠥᠬᠦᠭᠡᠷᠦᠮᠵᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠪᠠ᠃ ᠡᠭᠦᠨ ᠤ ᠬᠠᠮᠲᠤ᠂ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ᠂ ᠲᠠᠷᠢᠶᠠᠨ ᠭᠠᠵᠠᠷ ᠤᠨ ᠵᠢᠯᠣᠭᠤᠳᠣᠯᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠮᠡᠷᠭᠡᠵᠢᠯ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃ ᠣᠳᠣᠬᠠᠨ ᠳᠤ᠂ ᠲᠣᠰ | ᠮᠡᠷᠭᠡᠵᠢᠯ ᠤᠨ ᠬᠡᠷᠡᠭᠯᠡᠭᠡᠨ ᠤ ᠲᠠᠯᠠᠪᠠᠶ ᠢᠯᠡᠳᠲᠡ ᠨᠡᠮᠡᠭᠳᠡᠵᠦ᠂ ᠲᠠᠷᠢᠶᠠᠴᠢᠨ ᠡᠷᠦᠬᠡ ᠶᠢᠨ ᠢᠳᠡᠪᠬᠢᠵᠢᠯ ᠦᠷᠭᠦᠯᠵᠢᠯᠡᠨ | ᠳᠡᠭᠡᠭᠰᠢᠯᠡᠵᠦ᠂ ᠲᠠᠷᠢᠶᠠᠯᠠᠩ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠪᠠ | ᠪᠣᠬᠢᠷᠲᠤᠯ ᠥᠬᠡᠶ ᠬᠡᠯᠪᠡᠷᠢ ᠶᠢ ᠬᠤᠪᠢᠷᠠᠭᠤᠯᠬᠤ ᠳᠤ ᠪᠦᠲᠦᠮᠵᠢᠲᠡᠶ ᠬᠦᠴᠦᠨ ᠨᠡᠮᠡᠷᠢᠯᠡᠪᠡ᠃ | ᠲᠤᠬᠠᠶ ᠶᠢᠨ ᠲᠠᠯᠠᠪᠠᠶ ᠶᠢᠨ ᠦᠵᠡᠭᠦᠯᠦᠯᠭᠡ ᠶᠢᠨ ᠴᠤᠭᠯᠠᠭᠠᠨ᠂ ᠲᠤᠰᠬᠠᠶ ᠮᠡᠷᠭᠡᠵᠢᠯᠲᠡᠨ ᠤ ᠪᠣᠯᠪᠠᠰᠤᠷᠠᠭᠤᠯᠤᠯ᠂ | ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠵᠢᠯᠣᠭᠤᠳᠣᠯᠭ᠎ᠠ ᠵᠡᠷᠭᠡ ᠬᠡᠯᠪᠡᠷᠢ ᠪᠠᠷ ᠳᠠᠮᠵᠢᠭᠤᠯᠤᠨ᠂ ᠥᠨᠳᠥᠷ | ᠳᠠᠯᠠᠩ ᠤᠨ ᠲᠥᠮᠥᠰᠥ ᠳᠠᠷᠢᠬᠤ ᠮᠡᠷᠭᠡᠵᠢᠯ ᠢ ᠶᠡᠬᠡᠪᠡᠷ ᠠᠬᠢᠭᠤᠯᠵᠤ᠂ ᠳᠠᠷᠢᠬᠤ ᠲᠠᠯᠠᠪᠠᠶ ᠶᠢᠨ ᠡᠵᠡᠯᠡᠬᠦ ᠬᠠᠷᠢᠴᠠᠯ ᠢ | ᠨᠢᠭᠡᠨᠲᠡ 90% ᠠᠴᠠ ᠳᠠᠪᠠᠭᠤᠯᠵᠤ᠂ ᠵᠤᠷᠬ᠎ᠠ ᠶᠢ ᠲᠡᠭᠰᠢᠯᠡᠨ ᠳᠠᠷᠢᠬᠤ ᠤᠯᠠᠮᠵᠢᠯᠠᠯᠲᠤ ᠵᠠᠭᠪᠤᠷ ᠢ | ᠦᠨᠳᠦᠰᠦᠨ ᠳᠡᠭᠡᠨ ᠰᠢᠭᠰᠢᠭᠳᠡᠭᠦᠯᠪᠡ᠃ ᠰᠢᠨ᠎ᠡ ᠮᠡᠷᠭᠡᠵᠢᠯ ᠢ ᠲᠦᠭᠡᠮᠡᠯᠵᠢᠭᠦᠯᠦᠭᠰᠡᠨ ᠨᠢ ᠲᠥᠮᠥᠰᠥ ᠶᠢᠨ ᠤᠨᠠᠯᠲᠠ ᠪᠠ | ᠲᠠᠸᠠᠷ ᠤᠨ ᠴᠢᠨᠠᠷ ᠢ ᠢᠯᠡᠳᠲᠡ ᠳᠡᠭᠡᠭᠰᠢᠯᠡᠭᠦᠯᠵᠦ᠂ ᠲᠤᠬᠠᠶ ᠶᠢᠨ ᠭᠠᠵᠠᠷ ᠤᠨ ᠲᠥᠮᠥᠰᠥ ᠶᠢᠨ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ | ᠨᠢᠭᠲᠠ ᠳᠠᠷᠢᠬᠤ ᠡᠷᠳᠡᠨᠢ ᠰᠢᠰᠢ ᠳᠠᠷᠢᠬᠤ ᠬᠡᠪᠴᠢᠶ᠎ᠡ ᠦᠷᠭᠦᠯᠵᠢᠯᠡᠨ ᠥᠷᠭᠡᠳᠴᠦ᠂ ᠲᠠᠷᠢᠮᠠᠯ ᠤᠨ | ᠨᠢᠭᠲᠠᠴᠠ ᠶᠢ ᠵᠣᠬᠢᠰᠲᠠᠶ ᠨᠡᠮᠡᠭᠳᠡᠭᠦᠯᠦᠨ᠂ ᠲᠠᠷᠢᠶᠠᠨ ᠭᠠᠵᠠᠷ ᠤᠨ ᠬᠠᠮᠢᠶᠠᠷᠤᠯᠲᠠ ᠶᠢ ᠰᠢᠯᠢᠳᠡᠭᠵᠢᠭᠦᠯᠬᠦ ᠪᠠᠷ | ᠳᠠᠮᠵᠢᠭᠤᠯᠤᠨ᠂ ᠵᠢᠱᠢᠯᠲᠡ ᠪᠠᠷ ᠪᠥᠬᠦ ᠪᠠᠯᠭᠠᠰᠤᠨ ᠤ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ | ᠲᠦᠪᠰᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ | ᠴᠢᠳᠠᠪᠤᠷᠢ ᠶᠢ ᠤᠯᠠᠮ ᠨᠢᠭᠡ ᠠᠯᠬᠤᠮ ᠪᠠᠬᠢᠵᠢᠭᠦᠯᠬᠦ ᠪᠣᠯᠤᠨ᠎ᠠ᠃ ᠪᠦᠬᠦ ᠠᠮᠢᠳᠤ ᠪᠣᠳᠠᠰ ᠤᠨ ᠵᠠᠳᠠᠷᠠᠯᠲᠠ ᠶᠢᠨ | ᠰᠦᠯᠢᠶᠣᠣ ᠪᠦᠷᠬᠦᠪᠴᠢ ᠶᠢ ᠳᠡᠯᠭᠡᠷᠡᠭᠦᠯᠬᠦ ᠨᠢ ᠰᠢᠨ᠎ᠡ ᠰᠢᠪᠲᠤᠯᠤᠯᠲᠠ ᠲᠠᠢ ᠪᠣᠯᠵᠣ᠂ ᠣᠳᠣᠬᠠᠨ ᠳᠤ᠂ ᠠᠩᠬᠠᠨ ᠤ | ᠪᠦᠯᠦᠭ ᠤᠨ ᠪᠦᠷᠢᠨ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠣᠣ ᠪᠦᠷᠬᠦᠪᠴᠢ ᠶᠢ ᠨᠢᠭᠡᠨᠲᠡ ᠲᠠᠷᠬᠠᠭᠠᠵᠤ᠂ | ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠳ᠋ ᠪᠣᠳᠠᠰ ᠤᠨ | ᠲᠤᠯᠭᠠᠭᠤᠷᠢᠯᠠᠯ ᠬᠠᠩᠭᠠᠪᠠ᠃ | ᠣᠶᠢᠯᠠᠭᠠᠭᠰᠠᠨ ᠢᠶᠠᠷ᠂ ᠤᠯᠠᠨᠪᠤᠯᠠᠭ ᠪᠠᠯᠭᠠᠰᠤᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠶᠠᠭ ᠡᠮᠬᠢ | ᠵᠢᠷᠤᠮ ᠲᠠᠢ ᠶᠠᠪᠤᠭᠳᠠᠵᠤ ᠪᠠᠶᠢᠨ᠎ᠠ ᠃ ᠰᠠᠭᠤᠷᠢ ᠲᠥᠬᠦᠭᠡᠷᠦᠮᠵᠢ᠂ ᠰᠦᠯᠢᠶᠣᠣ ᠪᠦᠷᠬᠦᠪᠴᠢ᠂ ᠬᠢᠮᠢ ᠶᠢᠨ ᠪᠣᠷᠳᠣᠭᠤᠷ | ᠵᠢᠴᠢ ᠲᠠᠷᠢᠬᠤ ᠵᠡᠷᠭᠡ ᠮᠡᠷᠭᠡᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠵᠢᠱᠢᠯᠲᠡ ᠪᠠᠷ 5 ᠰᠠᠷ᠎ᠠ ᠶᠢᠨ ᠳᠤᠮᠳᠠᠴᠢ ᠪᠠᠷ | ᠪᠥᠬᠦ ᠲᠠᠯ᠎ᠠ ᠪᠠᠷ ᠥᠷᠨᠢᠭᠦᠯᠬᠦ ᠪᠣᠯᠤᠨ᠎ᠠ᠃ ᠡᠨᠡ ᠬᠤᠭᠤᠴᠠᠭᠠᠨ ᠳᠤ᠂ ᠤᠯᠠᠨᠪᠤᠯᠠᠭ ᠪᠠᠯᠭᠠᠰᠤ ᠰᠦᠯᠵᠢᠶᠡᠨ ᠳᠡᠭᠡᠷᠡᠬᠢ | ︽ᠲᠠᠷᠢᠶᠠᠯᠠᠩ ᠤᠨ ᠮᠡᠷᠭᠡᠵᠢᠯ ᠤᠨ ᠡᠭᠦᠯᠡᠨ ᠬᠢᠴᠢᠶᠡᠯ ᠤᠨ ᠲᠠᠩᠬᠢᠮ︾ ᠵᠡᠷᠭᠡ ᠬᠡᠯᠪᠡᠷᠢ ᠪᠠᠷ ᠲᠠᠷᠢᠶᠠᠴᠢᠨ ᠡᠷᠦᠬᠡ ᠶᠢ | ᠵᠣᠬᠢᠶᠠᠨ ᠪᠠᠶᠢᠭᠤᠯᠤᠨ ᠡᠷᠳᠡᠨᠢ ᠰᠢᠰᠢ ᠶᠢᠨ ᠦᠷ᠎ᠡ ᠰᠣᠩᠭᠤᠬᠤ᠂ ᠯᠠᠵᠤᠤ ᠶᠢᠨ ᠴᠢᠬᠢ ᠪᠤᠶᠢᠵᠢᠭᠤᠯᠬᠤ᠂ ᠰᠢᠨᠵᠢᠯᠡᠬᠦ | ᠤᠬᠠᠭᠠᠨᠴᠢ ᠪᠠᠷ ᠪᠣᠷᠳᠣᠭᠤᠷ ᠣᠷᠣᠭᠤᠯᠬᠤ ᠵᠡᠷᠭᠡ ᠬᠡᠷᠡᠭᠯᠡᠭᠡᠨ ᠤ ᠮᠡᠷᠭᠡᠵᠢᠯ ᠢ ᠰᠤᠷᠤᠯᠴᠠᠭᠤᠯᠵᠤ᠂ ᠲᠠᠷᠢᠶᠠᠴᠢᠨ | ᠡᠷᠦᠬᠡ ᠶᠢᠨ ᠲᠠᠷᠢᠮᠠᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | | | | |