5 ᠰᠠᠷ᠎ᠠ ᠶᠢᠨ 8 ᠤ ᠡᠳᠦᠷ᠂ ᠬᠤᠪᠣᠷ ᠰᠢᠷᠤᠢ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠵᠥᠭᠡᠯᠡᠨ | ᠲᠣᠨᠤᠭ ᠤᠨ ᠬᠦᠷᠢᠶᠡᠯᠡᠩ ᠤᠨ ᠲᠣᠮᠣ ᠠᠰᠠᠷ ᠤᠨ B ᠰᠠᠭᠤᠳᠠᠯ ᠳᠤ᠂ ᠥᠪᠥᠷ ᠮᠣᠩᠭᠤᠯ ᠤᠨ ᠺᠠᠢ ᠲᠤ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠡᠵᠡᠩᠨᠡᠯᠲᠡ ᠶᠢᠨ ᠭᠠᠵᠠᠷ ᠨᠢ 600 ᠳᠡᠭᠰᠢ ᠳᠥᠷᠪᠡᠯᠵᠢᠨ | ᠮᠧᠲᠷ ᠰᠢᠬᠠᠮ ᠰᠢᠨ᠎ᠡ ᠶᠢ ᠡᠭᠦᠳᠬᠦ ᠲᠠᠪᠴᠠᠩ — ᠺᠠᠢ ᠲᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠯᠣᠭᠤᠴᠢ | ᠦᠭᠡᠢ ᠮᠠᠰᠢᠨᠣᠶᠤᠨᠴᠢ ᠡᠭᠦᠳᠦᠯᠲᠡ ᠶᠢᠨ ᠶᠡᠷᠦᠩᠬᠡᠢ ᠴᠣᠭᠴᠠ ᠵᠢᠩᠬᠢᠨᠢ ᠪᠠᠷ ᠠᠰᠢᠭᠯᠠᠯᠲᠠ ᠳᠤ ᠣᠷᠣᠪᠠ᠃ | ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠳ᠋ᠠ ᠵᠢᠶᠠᠩ ᠤᠨ ᠵᠢᠯᠣᠭᠤᠴᠢ ᠥᠬᠡᠶ ᠨᠢᠰᠬᠡᠯ ᠤᠨ ᠪᠥᠬᠦ | ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠪᠠᠷ ᠠᠴᠢᠶᠠᠯᠠᠪᠤᠷᠢ ᠪᠣᠯᠭᠠᠭᠰᠠᠨ ᠣᠶᠤᠨᠴᠢ ᠰᠢᠨ᠎ᠡ ᠶᠢ | ᠡᠭᠦᠳᠬᠦ ᠣᠷᠣᠨ ᠵᠠᠶ ᠪᠣᠯᠤᠭᠰᠠᠨ ᠤ ᠬᠤᠪᠢ ᠳᠤ᠂ ᠲᠣᠰ ᠶᠡᠷᠦᠩᠬᠡᠶᠢᠯᠡᠭᠰᠡᠨ ᠴᠣᠭᠴᠠ ᠨᠢ ᠰᠤᠳᠤᠯᠤᠨ ᠨᠡᠭᠡᠭᠡᠬᠦ | ᠰᠣᠷᠢᠯᠲᠠ᠂ ᠠᠬᠤᠶ ᠪᠠᠶᠢᠳᠠᠯ ᠤᠨ ᠬᠡᠷᠡᠭᠯᠡᠯᠲᠡ᠂ ᠲᠤᠭ᠎ᠠ ᠪᠠᠷᠢᠮᠲᠠ ᠶᠢᠨ ᠦᠢᠯᠡᠴᠢᠯᠡᠭᠡ ᠵᠡᠷᠭᠡ ᠭᠤᠷᠪᠠᠨ ᠶᠡᠭᠡ | ᠴᠢᠳᠠᠮᠵᠢ ᠶᠢ ᠨᠢᠭᠡ ᠴᠤᠭᠴᠠᠵᠢᠭᠤᠯᠵᠤ᠂ ᠣᠶᠤᠨᠴᠢᠯᠠᠭᠰᠠᠨ ᠠᠭᠠᠷ ᠤᠨ ᠡᠵᠡᠮᠳᠡᠯ ᠤᠨ ᠲᠤᠷᠰᠢᠯᠲᠠ ᠶᠢᠨ ᠲᠠᠰᠤᠭ᠂ | AI ᠪᠤᠳᠤᠬᠤ ᠠᠷᠭ᠎ᠠ ᠶᠢᠨ ᠲᠥᠪ ᠵᠢᠴᠢ ᠠᠵᠢᠯ ᠲᠥᠷᠥᠯ ᠤᠨ ᠰᠢᠢᠳᠪᠦᠷᠢᠯᠡᠬᠦ ᠲᠥᠰᠦᠯ ᠤᠨ ᠦᠵᠡᠭᠦᠯᠭᠡ ᠶᠢᠨ | ᠲᠢᠩᠬᠢᠮ ᠢ ᠳᠣᠭᠢᠷᠠᠭᠤᠯᠪᠠ᠃ ᠲᠤᠬᠠᠶ ᠶᠢᠨ ᠲᠠᠯᠠᠪᠠᠶ ᠳᠤ ᠳᠡᠯᠭᠡᠨ ᠦᠵᠡᠭᠦᠯᠦᠭᠰᠡᠨ ᠣᠶᠤᠨᠴᠢ ᠲᠣᠭᠤᠷᠢᠨ | ᠪᠠᠶᠢᠴᠠᠭᠠᠬᠤ᠂ ᠨᠠᠷᠢᠯᠢᠭ ᠣᠨᠣᠴᠠᠲᠠᠶ ᠪᠠᠷ ᠲᠠᠷᠢᠶᠠᠯᠠᠩ ᠵᠡᠷᠭᠡ ᠡᠭᠴᠡ ᠬᠦᠷᠢᠶᠡᠨ ᠳᠠᠬᠢ ᠰᠢᠢᠳᠪᠦᠷᠢᠯᠡᠬᠦ ᠲᠥᠰᠦᠯ ᠨᠢ | ︽ᠵᠢᠯᠣᠭᠤᠴᠢ ᠥᠬᠡᠶ ᠨᠢᠰᠬᠡᠯ+ AI︾ ᠤᠨ ᠮᠡᠷᠭᠡᠵᠢᠯ ᠤᠨ ᠭᠦᠨᠵᠡᠭᠡᠶ ᠠᠭᠤᠰᠤᠯᠴᠠᠯ ᠤᠨ ᠰᠢᠨ᠎ᠡ ᠶᠢ ᠡᠭᠦᠳᠦᠭᠰᠡᠨ | ᠵᠢᠷᠤᠭ ᠲᠥᠯᠦᠪᠯᠡᠭᠡ ᠶᠢ ᠬᠠᠷᠠᠭᠤᠯᠵᠤ ᠪᠠᠶᠢᠨ᠎ᠠ᠃ | ᡁᠢ ᠴᠤᠸᠠᠩ ᠶᠡᠷᠦᠩᠬᠡᠢ ᠴᠣᠭᠴᠠ ᠳᠥᠷᠪᠡᠨ ᠶᠡᠭᠡ ᠴᠢᠳᠠᠮᠵᠢᠲᠤ ᠣᠷᠣᠨ ᠪᠦᠰᠡ ᠶᠢ ᠨᠠᠷᠢᠨ ᠨᠢᠮᠪᠠᠢ | ᠪᠠᠶᠢᠭᠤᠯᠤᠶ᠎ᠠ᠃ ᠪᠦᠲᠦᠭᠡᠭᠳᠡᠬᠦᠨ ᠢ ᠪᠡᠶᠡᠴᠢᠯᠡᠨ ᠣᠶᠢᠯᠠᠭᠠᠬᠤ ᠣᠷᠣᠨ ᠵᠠᠶ ᠳᠤ᠂ ᠳ᠋ᠠ ᠵᠢᠶᠠᠩ ᠪᠦᠬᠦ ᠰᠢᠰᠲ᠋ᠧᠮ ᠤᠨ | ᠵᠢᠯᠣᠭᠤᠴᠢ ᠦᠭᠡᠢ ᠨᠢᠰᠬᠡᠯ ᠵᠢᠴᠢ ᠠᠴᠢᠶᠠᠨ ᠲᠥᠬᠦᠭᠡᠷᠦᠮᠵᠢ ᠶᠢ ᠡᠮᠬᠢ ᠵᠢᠷᠤᠮ ᠲᠠᠢ ᠳᠡᠯᠭᠡᠨ ᠦᠵᠡᠭᠦᠯᠵᠦ᠂ ᠵᠢᠪᠦᠮᠡᠯ | ᠬᠡᠯᠪᠡᠷᠢ ᠪᠠᠷ ᠪᠡᠶᠡᠴᠢᠯᠡᠨ ᠣᠶᠢᠯᠠᠭᠠᠬᠤ ᠨᠢ ᠤᠯᠠᠨ ᠳᠤ ᠵᠢᠯᠣᠭᠤᠴᠢ ᠦᠭᠡᠢ ᠨᠢᠰᠬᠡᠯ ᠤᠨ ᠮᠡᠷᠭᠡᠵᠢᠯ ᠤᠨ ᠷᠢᠳᠢ | ᠰᠢᠳᠢ ᠶᠢ ᠮᠡᠳᠡᠷᠡᠭᠦᠯᠪᠡ᠃ ᠠᠵᠢᠯ ᠲᠥᠷᠥᠯ ᠤᠨ ᠦᠵᠡᠭᠳᠡᠯ ᠳᠤ ᠬᠡᠷᠡᠭᠯᠡᠬᠦ ᠣᠷᠣᠨ ᠪᠦᠰᠡ᠂ VR ᠮᠡᠷᠭᠡᠵᠢᠯ ᠢ | ᠠᠰᠢᠭᠯᠠᠨ ᠣᠯᠠᠨ ᠬᠦᠷᠢᠶ᠎ᠡ ᠴᠠᠷᠠᠭ᠎ᠠ ᠶᠢᠨ ᠦᠨᠡᠨ ᠪᠣᠳᠠᠲᠠᠶ ᠠᠵᠢᠯᠯᠠᠬᠤ ᠠᠬᠤᠶ ᠪᠠᠶᠢᠳᠠᠯ ᠢ ᠳᠠᠬᠢᠨ ᠰᠡᠶᠢᠯᠵᠦ᠂ | ᠵᠢᠯᠣᠭᠤᠴᠢ ᠥᠬᠡᠶ ᠨᠢᠰᠬᠡᠯ ᠤᠨ ᠬᠡᠷᠡᠭᠯᠡᠭᠡᠨ ᠤ ᠦᠨ᠎ᠡ ᠥᠷᠲᠡᠭ ᠢ ᠰᠢᠭᠤᠳ ᠦᠵᠡᠭᠦᠯᠦᠨ᠎ᠡ᠃ ᠨᠢᠰᠦᠯᠲᠡ ᠶᠢᠨ | ᠴᠢᠳᠠᠪᠤᠷᠢᠲᠠᠨ ᠤ ᠨᠡᠪᠴᠢᠭᠦᠯᠦᠭᠦᠷ ᠲᠣᠬᠢᠷᠠᠭᠤᠯᠵᠤ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠤᠨ ᠰᠢᠰᠲ᠋ᠧᠮ | ᠲᠣᠬᠢᠷᠠᠭᠤᠯᠵᠤ᠂ ᠬᠠᠮᠲᠤᠷᠠᠨ ᠭᠡᠷᠡᠴᠢᠯᠡᠬᠦ ᠪᠠᠶᠢᠭᠤᠯᠤᠮᠵᠢ ᠲᠠᠢ ᠬᠤᠯᠪᠣᠭᠠᠯᠠᠨ ᠬᠠᠮ ᠬᠡᠯᠪᠡᠷᠢ ᠶᠢᠨ ᠨᠢᠰᠦᠯᠲᠡ ᠶᠢᠨ | ᠴᠢᠳᠠᠪᠤᠷᠢᠲᠠᠨ ᠢ ᠬᠥᠮᠥᠵᠢᠭᠦᠯᠦᠨ᠎ᠡ᠃ ᠦᠢᠯᠡᠳᠪᠦᠷᠢᠯᠡᠬᠦ ᠵᠢᠭᠠᠬᠤ ᠰᠤᠳᠤᠯᠬᠤ ᠰᠢᠨ᠎ᠡ ᠶᠢ ᠡᠭᠦᠳᠬᠦ ᠬᠦᠢᠰᠦ ᠣᠯᠠᠨ | ᠳᠡᠭᠡᠳᠦ ᠰᠤᠷᠭᠠᠭᠤᠯᠢ ᠲᠠᠢ ᠬᠠᠮᠲᠤᠷᠠᠨ ᠲᠤᠷᠰᠢᠯᠲᠠ ᠶᠢᠨ ᠲᠠᠰᠤᠭ ᠪᠠᠢᠭᠤᠯᠵᠤ ᠰᠢᠨᠵᠢᠯᠡᠬᠦ ᠤᠬᠠᠭᠠᠨ ᠤ | ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠬᠤ ᠶᠢ ᠲᠦᠷᠭᠡᠳᠭᠡᠨ᠎ᠡ᠃ | ᠺᠠᠢ ᠲᠤ ᠰᠢᠨᠵᠢᠯᠡᠬᠦ ᠤᠬᠠᠭᠠᠨ ᠮᠡᠷᠭᠡᠵᠢᠯ ᠤᠨ ᠶᠡᠷᠦᠩᠬᠡᠢ ᠬᠡᠯᠲᠡᠰ ᠨᠢ 2014 ᠣᠨ ᠳᠤ ᠪᠠᠢᠭᠤᠯᠤᠭᠳᠠᠪᠠ᠂ | ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠢᠯᠠᠯ᠂ ᠥᠪᠡᠷᠲᠡᠭᠡᠨ ᠵᠠᠰᠠᠬᠤ ᠣᠷᠣᠨ ᠤ | ᠲᠤᠰᠬᠠᠢᠨᠠᠷᠢᠯᠢᠭ ᠣᠨᠴᠠ ᠰᠢᠨ᠎ᠡ ᠠᠵᠤ ᠠᠬᠤᠢᠯᠠᠯ᠂ ᠥᠪᠡᠷᠲᠡᠭᠡᠨ ᠵᠠᠰᠠᠬᠤ ᠣᠷᠣᠨ ᠤ ᠳᠡᠰ ᠤᠨ ᠰᠤᠳᠤᠯᠤᠨ | ᠨᠡᠭᠡᠭᠡᠬᠦ ᠲᠥᠪ ᠨᠢ 20 ᠭᠠᠷᠤᠢ ᠲᠤᠰᠬᠠᠢ ᠠᠰᠢᠭ ᠲᠠᠢ᠃ 2018 ᠣᠨ ᠳᠤ ᠳ᠋ᠠ ᠵᠢᠶᠠᠩ ᠲᠠᠢ ᠰᠢᠨ᠎ᠡ ᠶᠢ | ᠡᠭᠦᠳᠴᠦ ᠬᠠᠮᠲᠤᠷᠠᠨ ᠠᠵᠢᠯᠯᠠᠭᠰᠠᠨ ᠤ ᠳᠠᠷᠠᠭ᠎ᠠ᠂ ᠲᠣᠰ ᠪᠡᠶ᠎ᠡ ᠶᠢᠨ ᠮᠡᠷᠭᠡᠵᠢᠯ ᠤᠨ ᠬᠤᠷᠠᠮᠳᠤᠯ ᠪᠠ ᠠᠵᠢᠯ | ᠲᠥᠷᠥᠯ ᠤᠨ ᠡᠬᠢ ᠪᠠᠶᠠᠯᠢᠭ ᠢᠶᠠᠨ ᠠᠰᠢᠭᠯᠠᠨ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ | ᠰᠢᠨ᠎ᠡ ᠶᠢ ᠡᠭᠦᠳᠬᠦ ᠬᠡᠯᠬᠢᠶ᠎ᠡ +ᠠᠵᠤ ᠦᠢᠯᠡᠰ ᠤᠨ ᠬᠡᠯᠬᠢᠶ᠎ᠡ︾ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠲᠠᠢ | ᠲᠦᠢᠯ ᠤᠨ ᠣᠨᠣᠪᠴᠢᠲᠠᠶ ᠪᠠᠷ ᠲᠣᠬᠢᠷᠠᠯᠴᠠᠪᠠ᠃ ᠡᠨᠧᠷᠭᠢ᠂ ᠣᠷᠴᠢᠨ ᠲᠣᠭᠤᠷᠢᠨ ᠤ ᠬᠠᠮᠠᠭᠠᠯᠠᠯᠲᠠ᠂ ᠬᠡᠮᠵᠢᠨ | ᠵᠢᠷᠤᠬᠤ ᠵᠡᠷᠭᠡ ᠬᠦᠷᠢᠶᠡᠨ ᠳᠤ ᠵᠢᠯᠣᠭᠤᠴᠢ ᠦᠭᠡᠢ ᠨᠢᠰᠬᠡᠯ ᠤᠨ ᠲᠣᠭᠤᠷᠢᠨ ᠪᠠᠶᠢᠴᠠᠭᠠᠯᠲᠠ᠂ ᠭᠤᠷᠪᠠᠨ | ᠥᠭᠡᠷᠡᠴᠢᠯᠡᠯᠲᠡ ᠶᠢᠨ ᠵᠠᠭᠪᠤᠷ ᠵᠡᠷᠭᠡ ᠲᠣᠭᠠᠴᠢᠯᠠᠭᠰᠠᠨ ᠰᠢᠢᠳᠪᠦᠷᠢᠯᠡᠬᠦ ᠲᠥᠰᠦᠯ ᠢ ᠬᠠᠩᠭᠠᠪᠠ ᠃ ᠲᠠᠷᠢᠶᠠᠯᠠᠩ ᠤᠨ | ᠲᠠᠯ᠎ᠠ ᠪᠠᠷ᠂ ᠳ᠋ᠠ ᠵᠢᠶᠠᠩ ᠤᠨ ᠲᠠᠷᠢᠶᠠᠯᠠᠩ ᠤᠨ ᠵᠢᠯᠣᠭᠤᠴᠢ ᠦᠭᠡᠢ ᠨᠢᠰᠬᠡᠯ ᠢᠶᠠᠷ ᠲᠦᠰᠢᠭ ᠪᠣᠯᠭᠠᠵᠤ᠂ | ᠤᠷᠭᠤᠮᠠᠯ ᠤᠨ ᠬᠠᠮᠠᠭᠠᠯᠠᠯᠲᠠ᠂ ᠪᠣᠯᠪᠠᠰᠤᠷᠠᠯ᠂ ᠬᠤᠳᠠᠯᠳᠤᠭᠰᠠᠨ ᠤ ᠳᠠᠷᠠᠭᠠᠬᠢ ᠨᠢᠭᠡ ᠯᠡ ᠥᠷᠲᠡᠭᠡᠨ ᠤ ᠮᠠᠶ᠋ᠢᠭ ᠤᠨ | ᠦᠢᠯᠡᠴᠢᠯᠡᠭᠡ ᠬᠠᠩᠭᠠᠪᠠ ᠃ ᠪᠠᠰᠠ ᠲᠤᠰ ᠭᠠᠵᠠᠷ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠦᠢᠯᠡᠳᠪᠦᠷᠢᠯᠡᠯ | ᠵᠢᠭᠠᠨ ᠰᠤᠷᠭᠠᠯᠲᠠ ᠶᠢᠨ ᠠᠭᠤᠰᠤᠯᠴᠠᠯ ᠢ ᠥᠷᠨᠢᠭᠦᠯᠵᠦ᠂ ᠠᠵᠤ ᠦᠢᠯᠡᠰ ᠤᠨ ᠴᠢᠳᠠᠪᠤᠷᠢᠲᠠᠨ ᠢ ᠬᠥᠮᠦᠵᠢᠭᠦᠯᠪᠡ᠃ | | | | | |