ᠰᠢᠨ᠎ᠡ ᠶᠢ ᠡᠭᠦᠳᠴᠦ ᠬᠤᠪᠢ ᠬᠤᠷᠠᠮᠳᠤᠭᠤᠯᠬᠤ ᠳᠦᠷᠢᠮ ᠢᠶᠠᠷ ᠪᠡᠯᠡ ᠬᠤᠷᠠᠮᠳᠤᠭᠤᠯᠬᠤ ᠬᠦᠴᠢᠷ ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2025/5/9
    ᠣᠶᠢᠷ᠎ᠠ ᠳᠤ᠂ ᠠᠵᠤ ᠠᠬᠤᠶᠢᠯᠠᠯ ᠤᠨ ᠰᠢᠨ᠎ᠡ ᠶᠢ ᠡᠭᠦᠳᠴᠦ ᠬᠤᠪᠢ ᠬᠤᠷᠠᠮᠳᠤᠭᠤᠯᠬᠤ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠳᠡᠭᠡᠷ᠎ᠡ᠂ ᠰᠧᠨ ᠳ᠋ᠢᠩ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ 8 ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠰᠢᠨ᠎ᠡ ᠶᠢ ᠡᠭᠦᠳᠬᠦ ᠪᠠᠷ ᠬᠤᠪᠢ ᠬᠤᠷᠠᠮᠳᠤᠭᠤᠯᠵᠤ ᠡᠨᠧᠷᠭᠢ ᠣᠯᠭᠤᠬᠤ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠬᠠᠮᠲᠤᠷᠠᠯᠴᠠᠭ᠎ᠠ ᠬᠢᠵᠦ᠂ ᠲᠤᠬᠠᠶ ᠶᠢᠨ ᠲᠠᠯᠠᠪᠤᠷ ᠲᠤ ᠢᠲᠡᠭᠡᠮᠵᠢ ᠣᠯᠭᠤᠬᠤ ᠭᠡᠷ᠎ᠡ ᠲᠣᠭᠲᠠᠭᠰᠠᠨ ᠲᠤᠭ᠎ᠠ ᠨᠢ 5400 ᠲᠦᠮᠡᠨ ᠲᠥᠭᠦᠷᠢᠭ ᠢ ᠳᠠᠪᠠᠵᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠶᠢᠯᠠᠯ ᠤᠨ ᠰᠢᠨ᠎ᠡ ᠶᠢ ᠡᠭᠦᠳᠴᠦ ᠬᠤᠪᠢ ᠣᠯᠭᠤᠬᠤ ᠲᠦᠷᠢᠮ ᠤᠨ ᠰᠢᠰᠲ᠋ᠧᠮ ᠪᠥᠬᠦ ᠲᠠᠯ᠎ᠠ ᠪᠠᠷ ᠡᠨᠧᠷᠭᠢ ᠣᠯᠭᠤᠬᠤ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃     ᠪᠥᠬᠦ ᠣᠷᠣᠨ ᠤ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠬᠤᠪᠢ ᠬᠤᠷᠠᠮᠳᠤᠭᠤᠯᠬᠤ ᠲᠦᠷᠢᠮ ᠤᠨ ᠦᠢᠯᠡᠴᠢᠯᠡᠭᠡᠨ ᠤ ᠲᠠᠪᠴᠠᠩ ᠪᠣᠯᠤᠭᠰᠠᠨ ᠤ ᠬᠤᠪᠢ ᠳᠤ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠬᠦᠴᠦᠯᠡᠴᠡ᠂ ᠲᠤᠰᠬᠠᠶ ᠠᠰᠢᠭ ᠤᠨ ᠶᠠᠰᠤ ᠴᠢᠨᠠᠷ᠂ ᠴᠢᠳᠠᠪᠤᠷᠢᠲᠠᠨ ᠤ ᠨᠢᠭᠲᠠᠴᠠ ᠵᠡᠷᠭᠡ 3 ᠶᠡᠭᠡ ᠲᠥᠷᠥᠯ ᠨᠡᠶᠢᠳᠡ 18 ᠵᠦᠢᠯ ᠤᠨ ᠭᠤᠣᠯ ᠭᠦᠢᠴᠡᠳᠬᠡᠯ ᠲᠤᠭ᠎ᠠ ᠶᠢ ᠪᠠᠭᠲᠠᠭᠠᠵᠤ᠂ ᠠᠵᠤ ᠠᠬᠤᠶᠢᠯᠠᠯ ᠳᠤ ᠨᠠᠷᠢᠯᠢᠭ ᠣᠨᠣᠴᠠᠲᠠᠶ ︽ᠲᠣᠭᠠᠴᠢᠯᠠᠭᠰᠠᠨ ᠵᠢᠷᠤᠭ︾ ᠵᠢᠷᠤᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠪᠥᠬᠦ ᠲᠠᠯ᠎ᠠ ᠪᠠᠷ ᠳᠡᠮᠵᠢᠪᠡ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠦᠢᠯᠡᠴᠢᠯᠡᠭᠡᠨ ᠤ ᠲᠠᠪᠴᠠᠩ ᠤᠨ ᠴᠢᠳᠠᠪᠬᠢ ᠶᠢ ᠭᠦᠢᠴᠡᠳ ᠠᠰᠢᠭᠯᠠᠵᠤ᠂ ᠤᠯᠠᠨ ᠪᠠᠩᠬᠢ ᠲᠠᠢ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠰᠢᠨ᠎ᠡ ᠶᠢ ᠡᠭᠦᠳᠴᠦ ᠬᠤᠪᠢ ᠬᠤᠷᠠᠮᠳᠤᠭᠤᠯᠬᠤ ᠵᠢᠭᠡᠯᠡᠯᠭᠡ ᠶᠢᠨ ᠠᠵᠢᠯ ᠢ ᠥᠷᠨᠢᠭᠦᠯᠵᠦ᠂ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠵᠠᠨ ᠬᠤ ᠴᠠᠬᠢᠯᠭᠠᠨ ᠬᠡᠢ ᠰᠢᠨ᠎ᠡ ᠶᠢ ᠡᠭᠦᠳᠬᠦ ᠳᠤ ᠲᠦᠰᠢᠭᠯᠡᠨ ᠡᠨᠧᠷᠭᠢ ᠣᠯᠭᠤᠵᠤ᠂ ᠵᠥᠪᠬᠡᠨ 3 ᠡᠳᠦᠷ ᠲᠤ ᠳᠠᠷᠤᠢ ᠵᠠᠮ ᠬᠠᠷᠢᠯᠴᠠᠭᠠᠨ ᠤ ᠪᠠᠩᠬᠢ ᠶᠢᠨ 500 ᠲᠦᠮᠡᠨ ᠲᠥᠭᠦᠷᠢᠭ ᠤᠨ ᠴᠡᠪᠡᠷ ᠢᠲᠡᠭᠡᠮᠵᠢᠲᠦ ᠵᠢᠭᠡᠯᠡᠯᠭᠡ ᠶᠢ ᠣᠯᠳᠠᠭ᠃ ᠣᠳᠣᠬᠠᠨ ᠳᠤ ᠠᠵᠤ ᠠᠬᠤᠶᠢᠯᠠᠯ ᠤᠨ ᠰᠢᠨ᠎ᠡ ᠶᠢ ᠡᠭᠦᠳᠴᠦ ᠬᠤᠪᠢ ᠬᠤᠷᠠᠮᠳᠤᠭᠤᠯᠬᠤ ᠳᠦᠷᠢᠮ ᠤᠨ ᠲᠠᠪᠴᠠᠩ ᠢᠶᠠᠷ ᠳᠠᠮᠵᠢᠭᠤᠯᠤᠨ ᠨᠡᠶᠢᠲᠡ 1.1 ᠳ᠋ᠦᠩᠰᠢᠭᠤᠷ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠲᠠᠶᠢᠴᠢᠯᠠᠪᠠ᠃      ᠬᠤᠪᠢ ᠬᠤᠷᠠᠮᠳᠤᠭᠤᠯᠬᠤ ᠳᠦᠷᠢᠮ ᠤᠨ ᠥᠷᠲᠡᠭ ᠤᠨ ᠦᠷᠭᠦᠯᠵᠢᠯᠡᠯ ᠨᠢ ᠤᠯᠠᠮᠵᠢᠯᠠᠯᠲᠤ ᠪᠡᠯᠡ ᠲᠣᠬᠢᠷᠠᠭᠤᠯᠬᠤ ᠬᠡᠪᠴᠢᠶᠡᠨ ᠠᠴᠠ ᠬᠤᠯᠠ ᠬᠡᠲᠦᠷᠡᠬᠦ᠃ ᠴᠣᠮᠬᠠᠷᠠᠯ ᠤᠨ ᠬᠠᠮᠢᠶᠠᠷᠤᠯᠲᠠ ᠶᠢᠨ ᠲᠠᠪᠴᠠᠩ ᠨᠢ 12 ᠲᠥᠷᠥᠯ ᠤᠨ ᠲᠥᠷᠥ ᠶᠢᠨ ᠪᠣᠳᠣᠯᠭ᠎ᠠ ᠶᠢᠨ ᠳ᠋ᠠᠶᠢᠲ᠋ᠠ ᠬᠥᠮᠥᠷᠭᠡ ᠶᠢ ᠬᠤᠷᠠᠮᠳᠤᠭᠤᠯᠵᠤ᠂ ︽ᠲᠥᠷᠥ ᠶᠢᠨ ᠪᠣᠳᠣᠯᠭ᠎ᠠ ᠪᠠᠷ ᠠᠵᠤ ᠠᠬᠤᠶᠢᠯᠠᠯ ᠡᠷᠢᠬᠦ︾ ᠣᠶᠤᠨᠴᠢ ᠵᠣᠬᠢᠴᠠᠯᠳᠤᠯ ᠢ ᠪᠡᠶᠡᠯᠡᠭᠦᠯᠦᠨ᠎ᠡ᠃ ᠪᠸᠢ ᠺᠧ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠮᠠᠰᠢᠨ ᠬᠥᠮᠦᠨ ᠤ ᠺᠣᠮᠫᠠᠨᠢ ᠰᠢᠰᠲ᠋ᠧᠮ ᠢᠶᠠᠷ ᠳᠠᠮᠵᠢᠭᠤᠯᠤᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠲᠡᠳᠬᠦᠬᠦ ᠲᠥᠷᠥ ᠶᠢᠨ ᠪᠣᠳᠣᠯᠭ᠎ᠠ ᠲᠠᠢ ᠣᠨᠣᠪᠴᠢᠲᠠᠶ ᠵᠣᠯᠭᠠᠭᠤᠯᠵᠤ᠂ 300 ᠲᠦᠮᠡᠨ ᠲᠥᠭᠦᠷᠢᠭ ᠤᠨ ᠬᠤᠪᠢ ᠬᠤᠷᠠᠮᠳᠤᠭᠤᠯᠬᠤ ᠵᠢᠭᠡᠯᠡᠯᠭᠡ ᠶᠢᠨ ᠳᠡᠮᠵᠢᠯᠭᠡ ᠳᠣᠣᠷ᠎ᠠ ᠦᠯᠡᠭᠦᠦ ᠴᠠᠬᠢᠯᠭᠠᠨ ᠮᠠᠰᠢᠨ ᠤ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠵᠤ᠂ ᠴᠢᠩᠬᠤᠸᠠ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠢ 3 ᠳ᠋ᠦᠩᠰᠢᠭᠤᠷ ᠲᠥᠭᠦᠷᠢᠭ ᠳᠠᠪᠠᠭ᠋ᠤ ᠶᠢ ᠳᠠᠶᠢᠴᠢᠯᠠᠪᠠ᠃      ᠲᠥᠷᠥ ᠶᠢᠨ ᠪᠣᠳᠣᠯᠭ᠎ᠠ ᠶᠢᠨ ᠦᠢᠯᠡᠳᠦᠯ ᠢ ᠥᠷᠭᠡᠳᠬᠡᠬᠦ ᠶᠢᠨ ᠲᠥᠯᠥᠭᠡ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽ᠬᠥᠳᠡᠯᠦᠩᠭᠦᠶ ᠪᠠᠷ ᠦᠨᠡᠯᠡᠨ ᠵᠢᠱᠢᠭᠰᠡᠨ ᠲᠤᠭ᠎ᠠ ᠪᠠᠷᠢᠮᠲᠠ ᠶᠢ ᠠᠭᠤᠰᠤᠯᠴᠠᠭᠤᠯᠤᠨ ᠨᠡᠪᠲᠡᠷᠡᠭᠦᠯᠦᠭᠰᠡᠨ ᠦᠢᠯᠡᠳᠬᠦᠨ ᠤ ᠰᠢᠨ᠎ᠡ ᠶᠢ ᠡᠭᠦᠳᠬᠦ︾ ᠭᠤᠷᠪᠠ ᠶᠢ ᠨᠢᠭᠡ ᠴᠤᠭᠴᠠᠵᠢᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠢ ᠬᠠᠪᠰᠤᠷᠤᠨ ᠰᠢᠨ᠎ᠡ ᠶᠢ ᠡᠭᠦᠳᠬᠦ ᠠᠷᠭ᠎ᠠ ᠵᠠᠮ ᠢ ᠤᠷᠢᠳᠴᠢᠯᠠᠨ ᠲᠥᠯᠥᠪᠵᠢᠭᠦᠯᠵᠦ᠂ ᠵᠠᠰᠠᠭ ᠪᠠᠩᠬᠢ ᠠᠵᠤ ᠠᠬᠤᠶᠢᠯᠠᠯ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠲᠠᠪᠴᠠᠩ ᠨᠢ ᠣᠯᠠᠨ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠪᠠᠬᠢᠯᠡᠯᠲᠡ ᠶᠢ ᠡᠪᠳᠡᠵᠦ᠂ 7 ᠵᠦᠢᠯ ᠤᠨ ᠱᠠᠲᠤᠯᠢᠭ ︽ᠬᠤᠪᠢ ᠬᠤᠷᠠᠮᠳᠤᠭᠤᠯᠬᠤ ᠵᠢᠭᠡᠯᠡᠯᠭᠡ︾ ᠶᠢᠨ ᠦᠢᠯᠡᠳᠬᠦᠨ ᠤ ᠦᠷ᠎ᠡ ᠶᠢᠨ ᠬᠤᠭᠤᠴᠠᠭ᠎ᠠ ᠨᠢ ᠪᠣᠯᠪᠠᠰᠤᠷᠠᠩᠭᠤᠶ ᠪᠣᠯᠬᠤ ᠬᠤᠭᠤᠴᠠᠭᠠᠨ ᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠪᠦᠷᠬᠦᠪᠡ᠃ 2025 ᠣᠨ ᠳᠤ ᠠᠵᠤ ᠠᠬᠤᠶᠢᠯᠠᠯ ᠤᠨ ᠪᠦᠷᠬᠦᠴᠡ ᠶᠢᠨ ᠬᠠᠷᠠᠯᠲᠠ ᠶᠢᠨ ᠳᠡᠭᠡᠭᠰᠢᠯᠡᠬᠦ ᠶᠢ ᠳᠠᠭᠠᠯᠳᠤᠨ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠶᠠᠭ ᠰᠢᠨ᠎ᠡ ᠶᠢ ᠡᠭᠦᠳᠴᠦ ᠬᠤᠪᠢ ᠬᠤᠷᠠᠮᠳᠤᠭᠤᠯᠬᠤ ᠬᠢᠭᠡᠳ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠭᠦᠨᠵᠡᠭᠡᠶ ᠠᠭᠤᠰᠤᠯᠴᠠᠯ ᠢ ᠲᠦᠷᠭᠡᠳᠬᠡᠨ ᠠᠬᠢᠭᠤᠯᠵᠤ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠡᠯᠡᠬᠦ ᠪᠠᠷ᠂ ᠣᠷᠣᠨ ᠪᠦᠰᠡ ᠠᠯᠤᠰᠯᠠᠨ ᠬᠤᠪᠢ ᠬᠤᠷᠠᠮᠳᠤᠭᠤᠯᠵᠤ ᠬᠠᠷᠢᠯᠴᠠᠨ ᠮᠡᠳᠡᠷᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠬᠠᠮᠲᠤᠷᠠᠨ ᠰᠢᠨ᠎ᠡ ᠶᠢ ᠡᠭᠦᠳᠬᠦ ᠮᠥᠩᠭᠦᠨ ᠭᠦᠢᠯᠭᠡᠭᠡᠨ ᠤ ᠨᠡᠷᠡᠳᠬᠦᠨ ᠢ ᠨᠡᠭᠡᠭᠡᠨ ᠬᠥᠭᠵᠢᠭᠦᠯᠵᠦ᠂ ᠭᠤᠷᠪᠠᠨ ᠵᠢᠯ ᠤᠨ ᠳᠣᠲᠣᠷ᠎ᠠ 50 ᠳ᠋ᠦᠩᠰᠢᠭᠤᠷ ᠲᠥᠭᠦᠷᠢᠭ ᠢ ᠳᠠᠪᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠠᠮᠢ ᠠᠬᠤᠶ ᠶᠢᠨ ᠲᠣᠭᠤᠷᠢᠭ ᠢ ᠪᠣᠶ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠲᠥᠪᠯᠡᠷᠡᠭᠰᠡᠨ ᠰᠢᠨ᠎ᠡ ᠥᠨᠳᠦᠷᠯᠢᠭ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号